ᠰᠠᠯᠬᠢ ᠰᠢᠭᠤᠷᠭᠠᠨ ᠲᠠᠢ ᠲᠡᠮᠡᠴᠡᠵᠦ ᠬᠢᠵᠢᠭ ᠢ ᠰᠡᠷᠭᠡᠶᠢᠯᠡᠬᠦ ︽ᠡᠮᠦᠨ᠎ᠡ ᠬᠠᠷᠠᠭᠤᠯ ᠤᠨ ᠦᠷᠳᠡᠭᠡ︾ ᠶᠢ ᠰᠠᠶᠢᠲᠤᠷ ᠰᠠᠬᠢᠨ ᠬᠠᠮᠠᠭᠠᠯᠠᠵᠦ ᠪᠤᠢ
ᠨᠡᠶᠢᠲᠡᠯᠡᠭᠰᠡᠨ ᠴᠠᠭ᠄
2022/12/7
   11 ᠰᠠᠷ᠎ᠠ ᠶᠢᠨ 22 ᠤᠨ ᠡᠳᠦᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠪᠥᠬᠦ ᠬᠤᠲᠠ ᠶᠢᠨ ᠰᠠᠯᠠᠭ᠎ᠠ ᠮᠥᠴᠢᠷ ᠨᠢᠭᠡᠴᠡ ᠦᠳᠲᠡᠷ ᠲᠦᠷᠭᠡᠨ ᠴᠤᠭᠯᠠᠷᠠᠵᠤ᠂ ᠴᠠᠭᠳᠠ ᠭᠠᠴᠠᠭᠠᠨ ᠤ ᠠᠷᠠᠳ ᠤᠨ ᠵᠥᠪᠯᠡᠯ ᠵᠠᠷᠯᠢᠭ ᠢ ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ ᠠᠵᠢᠯ ᠢᠶᠠᠨ ᠥᠷᠨᠢᠭᠦᠯᠵᠦ᠂ ᠬᠠᠭᠠᠰ ᠰᠠᠷ᠎ᠠ ᠰᠢᠬᠠᠮ ᠤᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠮᠠᠨ ᠤ ᠬᠤᠲᠠ ᠶᠢᠨ ᠪᠠᠷᠠᠭᠤᠨ ᠶᠡᠭᠡ ᠡᠭᠦᠳᠡ ᠶᠢ ᠪᠠᠲᠤ ᠰᠠᠬᠢᠭᠰᠠᠨ ᠪᠠᠶᠢᠨ᠎ᠠ

   ︽ᠴᠠᠭᠳᠠ︾ ᠮᠣᠩᠭᠤᠯ ᠬᠡᠯᠡᠨ ᠤ ᠣᠷᠴᠢᠭᠤᠯᠤᠭᠴᠢ ᠳᠤ ︽ᠬᠠᠷᠠᠭᠤᠯ ᠤᠨ ᠭᠠᠵᠠᠷ︾ ᠭᠡᠰᠡᠨ ᠤᠳᠬ᠎ᠠ ᠲᠠᠢ᠂

ᠭᠠᠵᠠᠷ ᠵᠦᠢ ᠶᠢᠨ ᠪᠠᠶᠢᠷᠢᠯᠠᠯ ᠨᠢ ᠮᠠᠨ ᠤ ᠬᠤᠲᠠ ᠶᠢᠨ ᠬᠠᠮᠤᠭ ᠤᠨ ᠪᠠᠷᠠᠭᠤᠨ ᠲᠠᠯ᠎ᠠ ᠳᠤ ᠪᠠᠶᠢᠵᠤ᠂ ᠵᠡᠭᠦᠨ

ᠦᠵᠦᠮᠦᠴᠢᠨ ᠬᠤᠰᠢᠭᠤ ᠲᠠᠢ ᠵᠠᠬ᠎ᠠ ᠨᠡᠶᠢᠯᠡᠵᠦ᠂ ᠳᠡᠭᠡᠷ᠎ᠡ ᠵᠠᠭᠤᠨ ᠤ ᠨᠠᠶᠠᠭᠠᠳ ᠣᠨ ᠳᠤ ᠨᠢᠭᠡᠨ ᠠᠶᠢᠯ ᠲᠣᠰᠬᠤᠨ

ᠪᠣᠯᠵᠠᠢ᠂ ᠠᠭᠤᠯᠠᠨ ᠠᠮᠠᠨ ᠳᠤ ᠪᠣᠶ ᠪᠣᠯᠤᠭᠰᠠᠨ ᠠᠶᠢᠯ ᠲᠣᠰᠬᠤᠨ ᠤ ᠴᠠᠰᠤ ᠰᠢᠭᠤᠷᠭ᠎ᠠ ᠨᠢ ᠪᠤᠰᠤᠳ ᠭᠠᠵᠠᠷ ᠤᠨ

 ᠬᠢ ᠠᠴᠠ ᠨᠡᠯᠢᠶᠡᠳ ᠶᠡᠭᠡ ᠪᠠᠶᠢᠳᠠᠭ ᠪᠣᠯᠬᠤᠷ ᠪᠠᠰᠠ ︽ᠪᠠᠷᠠᠭᠤᠨ ᠰᠠᠯᠬᠢᠨ ᠤ ᠠᠮᠠ︾ ᠭᠡᠳᠡᠭ᠃

 ᠣᠶᠢᠷ᠎ᠠ   ᠶᠢᠨ ᠡᠳᠦᠷ ᠤᠳ ᠲᠤ᠂ ᠮᠠᠨ ᠤ ᠬᠤᠲᠠ   ᠶᠢᠨ ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠵᠤ᠂

ᠭᠡᠨᠡᠳᠲᠡ ᠶᠡᠭᠡ ᠴᠠᠰᠤ ᠣᠷᠣᠵᠤ᠂ ᠠᠭᠠᠷ ᠤᠨ ᠳᠤᠯᠠᠭᠠᠨ ᠲᠡᠭ ᠠᠴᠠ ᠳᠣᠷᠣᠭᠰᠢ 30 ᠭᠷᠡᠳᠦ᠋ᠰ ᠲᠤ ᠬᠦᠷᠴᠡᠢ᠂

ᠴᠠᠭᠳᠠ ᠭᠠᠴᠠᠭᠠᠨ ᠤ ᠠᠷᠠᠳ ᠤᠨ ᠵᠥᠪᠯᠡᠯ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ   ᠢ

ᠪᠠᠶᠢᠷᠢᠯᠠᠭᠤᠯᠬᠤ ᠪᠠᠷ ᠪᠠᠷᠠᠬᠤ ᠦᠭᠡᠢ ᠪᠠᠰᠠ ᠬᠡᠰᠡᠭ ᠭᠠᠴᠠᠭᠠᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ

ᠠᠮᠤᠷ ᠲᠦᠪᠰᠢᠨ ᠳᠤ ᠦᠢᠯᠡᠴᠢᠯᠡᠬᠦ ᠬᠡᠷᠡᠭᠲᠡᠢ᠂ ᠡᠭᠦᠨ ᠳᠤ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃

ᠲᠠᠯᠠᠶᠢᠬᠤᠰᠢᠭᠤ ᠰᠤᠮᠤ ᠶᠢᠨ ᠳᠡᠳ᠋ ᠰᠤᠮᠤ ᠶᠢᠨ ᠲᠠᠷᠤᠭ᠎ᠠ ᠴᠧᠨ ᠱᠦᠨ ᠠᠵᠢᠯᠲᠠᠳ ᠢᠶᠠᠨ ᠳᠠᠭᠠᠭᠤᠯᠤᠨ

ᠲᠣᠰᠬᠤᠨ ᠳᠤ ᠰᠠᠬᠢᠨ ᠰᠠᠭᠤᠵᠤ᠂ ᠴᠠᠭᠳᠠ ᠲᠣᠰᠬᠤᠨ ᠤ ᠺᠠᠳ᠋ᠷ ᠤᠯᠠᠨ ᠲᠦᠮᠡᠨ ᠲᠠᠢ ᠮᠥᠷᠥ ᠵᠡᠷᠭᠡᠴᠡᠨ ᠪᠠᠶᠢᠯᠳᠤᠵᠤ᠂

ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ᠂ ᠬᠢᠵᠢᠭ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ

ᠲᠠᠷᠢᠶ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠭᠰᠠᠭᠠᠷ ᠢᠷᠡᠵᠠᠢ᠃

   ︽ᠭᠡᠵᠢᠭᠡ ᠮᠢᠨᠢ ᠢᠰᠡᠭᠡᠶᠢᠷᠡᠵᠦ᠂ ᠬᠤᠪᠴᠠᠰᠤ ᠮᠢᠨᠢ ᠭᠬᠢᠷ ᠳᠤ ᠪᠠᠨ ᠲᠠᠷᠤᠭᠳᠠᠪᠠ︾ ᠬᠠᠭᠠᠰ ᠰᠠᠷ᠎ᠠ ᠰᠢᠬᠠᠮ ᠤᠨ

ᠠᠮᠢᠳᠤᠷᠠᠯ ᠤᠨ ᠲᠤᠬᠠᠢ ᠶᠠᠷᠢᠬᠤ ᠳᠠᠭᠠᠨ ᠴᠧᠨ ᠱᠦᠨ ᠢᠩᠬᠢᠵᠦ ᠶᠠᠷᠢᠵᠦ ᠪᠠᠶᠢᠪᠠ᠃ ︽ᠵᠠᠷᠢᠮ ᠦᠶ᠎ᠡ ᠳᠤ ᠬᠡᠳᠦᠨ

ᠡᠷᠦᠬᠡ   ᠶᠢ ᠲᠡᠮᠲᠡᠷᠢᠨ ᠮᠥᠷᠯᠡᠬᠦ ᠳᠤ ᠪᠦᠬᠦ ᠪᠡᠶ᠎ᠡ ᠨᠢ ᠳᠠᠭᠠᠷᠠᠵᠤ ᠪᠡᠭᠡᠷᠡᠭᠡᠳ᠂ ᠦᠰᠦᠭ ᠪᠢᠴᠢᠬᠦ ᠳᠤ ᠴᠦ

ᠬᠦᠴᠢᠷᠳᠡᠳᠡᠭ᠂ ᠣᠷᠣᠨ ᠰᠠᠭᠤᠴᠠ ᠪᠠ ᠠᠵᠢᠯ ᠤᠨ ᠨᠥᠬᠦᠴᠡᠯ ᠨᠢ ᠬᠡᠳᠦᠢ ᠪᠡᠷᠬᠡ ᠬᠠᠲᠠᠭᠤᠵᠢᠯᠲᠠᠢ ᠪᠠᠶᠢᠯ᠎ᠠ ᠴᠤ

ᠭᠡᠰᠡᠨ ᠨᠥᠬᠦᠳ ᠰᠢᠳᠦ ᠪᠠᠨ ᠵᠠᠭᠤᠵᠤ ᠲᠡᠰᠴᠦ ᠪᠠᠶᠢᠳᠠᠭ︾᠃ ︽ᠵᠠᠷᠢᠮ ᠦᠶ᠎ᠡ ᠳᠤ ᠬᠡᠳᠦᠨ ᠡᠷᠦᠬᠡ   ᠶᠢ

ᠲᠡᠮᠲᠡᠷᠢᠨ ᠮᠥᠷᠯᠡᠬᠦ ᠳᠤ ᠪᠦᠬᠦ ᠪᠡᠶ᠎ᠡ ᠨᠢ ᠳᠠᠭᠠᠷᠠᠵᠤ ᠪᠡᠭᠡᠷᠡᠭᠡᠳ᠂ ᠦᠰᠦᠭ ᠪᠢᠴᠢᠬᠦ ᠳᠤ ᠴᠦ ᠬᠦᠴᠢᠷᠳᠡᠳᠡᠭ᠃

    ᠲᠣᠰᠬᠤᠨ ᠤ ᠨᠠᠰᠤᠲᠠᠶᠢᠴᠤᠳ ᠤᠨ ᠣᠯᠠᠩᠬᠢ ᠨᠢ ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠬᠤ

ᠲᠤᠬᠠᠢ ᠶᠢᠨ ᠲᠠᠯᠠᠪᠤᠷ ᠲᠤ ᠭᠠᠷ ᠤᠲᠠᠰᠤ ᠪᠠᠨ ᠨᠡᠭᠡᠭᠡᠵᠦ᠂ ᠠᠵᠢᠯᠲᠠᠳ ᠲᠠᠭᠠᠨ ᠴᠥᠮ᠎ᠡ ᠶᠢᠨ ᠬᠦᠴᠢᠯ ᠤᠨ

ᠪᠠᠶᠢᠴᠠᠭᠠᠨ ᠰᠢᠯᠭᠠᠬᠤ ᠺᠣᠳ᠋ ᠢᠶᠠᠨ ᠦᠵᠡᠭᠦᠯᠬᠦ ᠨᠢ ᠦᠵᠡᠬᠦ ᠳᠤ ᠬᠢᠯᠪᠠᠷ ᠶᠠᠪᠤᠴᠠ ᠰᠢᠭ᠋ ᠪᠣᠯᠪᠠᠴᠤ ᠴᠥᠭᠡᠨ ᠪᠤᠰᠤ

ᠨᠠᠰᠤᠲᠠᠶᠢᠴᠤᠳ ᠲᠤ ᠠᠪᠴᠤ ᠬᠡᠯᠡᠪᠡᠯ ᠲᠡᠶᠢᠮᠦ ᠬᠢᠯᠪᠠᠷ ᠶᠠᠪᠤᠳᠠᠯ ᠪᠢᠰᠢ᠂ ᠦᠷᠭᠦᠯᠵᠢ ᠠᠵᠢᠯᠲᠠᠳ ᠢᠶᠠᠷ

ᠬᠠᠪᠰᠤᠷᠤᠭᠤᠯᠤᠨ ᠠᠵᠢᠯᠯᠠᠭᠤᠯᠬᠤ ᠴᠢᠬᠤᠯᠠᠲᠠᠢ ᠪᠠᠶᠢᠳᠠᠭ᠃【ᠡᠶᠢᠮᠦ ᠪᠠᠶᠢᠳᠠᠯ ᠲᠣᠬᠢᠶᠠᠯᠳᠤᠬᠤ ᠪᠦᠷᠢ ᠳᠤ

ᠠᠵᠢᠯᠲᠠᠳ ᠥᠪᠡᠷ ᠤᠨ ᠭᠠᠷ ᠤᠲᠠᠰᠤ ᠪᠠᠷ ᠢᠶᠠᠨ ᠲᠣᠰᠬᠤᠨ ᠤ ᠠᠷᠠᠳ ᠲᠤ ᠨᠣᠮᠧᠷ ᠠᠪᠬᠤ ᠶᠢ ᠬᠦᠯᠢᠴᠡᠩᠭᠦᠢ ᠪᠠᠷ

ᠭᠤᠶᠤᠴᠢᠯᠠᠳᠠᠭ ᠪᠣᠯᠬᠤᠷ ᠺᠠᠷᠲ ᠢᠶᠠᠨ ᠡᠪᠳᠡᠯᠡᠴᠢᠬᠡᠭᠡᠳ ᠪᠤᠵᠠᠷᠲᠤᠭᠤᠯᠪᠠᠯ ᠳᠠᠬᠢᠨ ᠨᠢᠭᠡ ᠬᠤᠪᠢ ᠳᠠᠷᠤᠮᠠᠯᠯᠠᠵᠤ

ᠥᠭᠲᠡᠭ᠂ ᠪᠡᠶ᠎ᠡ ᠨᠢ ᠰᠢᠯᠲᠠᠭᠠᠨ ᠠᠴᠠ ᠪᠣᠯᠵᠤ ᠢᠷᠡᠵᠦ ᠳᠡᠶᠢᠯᠬᠦ ᠦᠭᠡᠢ ᠲᠣᠰᠬᠤᠨ ᠤ ᠠᠷᠠᠳ ᠰᠢᠭᠤᠳ ᠭᠡᠷ ᠲᠡᠭᠡᠨ

ᠬᠦᠷᠴᠦ ᠪᠠᠶᠢᠴᠠᠭᠠᠨ ᠰᠢᠯᠭᠠᠳᠠᠭ᠃】 ᠠᠷᠠᠳ ᠤᠨ ᠲᠥᠯᠥᠭᠡ ᠪᠠᠴᠢᠮᠳᠠᠵᠤ᠂ ᠠᠷᠠᠳ ᠤᠨ ᠲᠥᠯᠥᠭᠡ ᠵᠣᠪᠠᠵᠤ

ᠪᠠᠶᠢᠭ᠎ᠠ ᠠᠰᠠᠭᠤᠳᠠᠯ   ᠢ ᠰᠢᠢᠳᠪᠦᠷᠢᠯᠡᠨ᠎ᠡ᠂ ᠡᠨᠡ ᠮᠡᠲᠦ   ᠶᠢᠨ ᠳᠠᠬᠢᠨ ᠳᠠᠪᠲᠠᠨ ᠬᠢᠵᠦ ᠪᠠᠶᠢᠭ᠎ᠠ ᠶᠠᠯᠢᠮ ᠦᠭᠡᠢ

ᠶᠠᠪᠤᠳᠠᠯ ᠤᠳ ᠨᠢ ᠦᠵᠡᠬᠦ ᠳᠤ ᠶᠠᠯᠢᠮ ᠦᠭᠡᠢ ᠵᠦᠢᠯ ᠪᠣᠯᠪᠠᠴᠤ ᠨᠢᠭᠡ ᠲᠣᠰᠬᠤᠨ ᠤ ᠰᠡᠷᠭᠡᠶᠢᠯᠡᠨ ᠡᠵᠡᠮᠳᠡᠬᠦ ᠠᠵᠢᠯ  

 ᠢ ᠲᠤᠯᠭᠠᠭᠤᠷᠢᠯᠠᠵᠤ ᠪᠠᠶᠢᠨ᠎ᠠ᠃

   ᠡᠨᠡ ᠡᠪᠦᠯ ᠤᠨ ᠤᠯᠠᠷᠢᠯ ᠳᠤ᠂ ᠬᠠᠮᠤᠭ ᠭᠤᠶᠤ ᠨᠢ ᠲᠡᠭᠷᠢ ᠭᠠᠵᠠᠷ ᠤᠨ ᠨᠢᠭᠡ ᠥᠩᠭᠡ ᠶᠢᠨ ᠴᠠᠰᠤᠨ ᠦᠵᠡᠮᠵᠢ

ᠪᠢᠰᠢ᠂ ᠬᠠᠷᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠴᠢᠷᠮᠠᠶᠢᠨ ᠲᠡᠮᠡᠴᠡᠵᠦ ᠪᠠᠶᠢᠭ᠎ᠠ

ᠰᠡᠭᠦᠳᠡᠷ ᠪᠣᠯᠣᠨ᠎ᠠ᠃ᠲᠡᠳᠡ ᠡᠳᠦᠷ ᠰᠥᠨᠢ ᠦᠭᠡᠢ ᠴᠠᠰᠤ ᠰᠢᠭᠤᠷᠭᠠᠨ   ᠠᠴᠠ ᠠᠶᠤᠬᠤ ᠦᠭᠡᠢ ᠪᠠᠷ ᠢᠮᠠᠭᠲᠠ

ᠥᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠴᠠᠰᠤ ᠬᠡᠳᠦᠢ ᠬᠡᠶᠢᠰᠦᠭᠰᠡᠨ ᠴᠦ ᠨᠢᠭᠡᠳᠦᠭᠡᠷ ᠹᠷᠣᠨᠲ ᠤᠨ

ᠬᠢᠵᠢᠭ   ᠢ ᠰᠡᠷᠭᠡᠶᠢᠯᠡᠬᠦ ᠬᠥᠮᠥᠰ ᠤᠨ ᠠᠯᠬᠤᠮ   ᠢ ᠬᠤᠷᠢᠭᠯᠠᠵᠤ ᠴᠢᠳᠠᠬᠤ ᠦᠭᠡᠢ᠂ ᠲᠡᠳᠡ ᠬᠠᠷᠢᠭᠤᠴᠠᠯᠭ᠎ᠠ ᠪᠠ

ᠡᠭᠦᠷᠭᠡᠯᠡᠯ ᠢᠶᠠᠷ   ᠢᠶᠠᠨ ᠴᠠᠰᠤ ᠰᠢᠭᠤᠷᠭᠠᠨ ᠤ ᠳᠤᠮᠳᠠᠬᠢ ᠬᠢᠵᠢᠭ   ᠢ ᠡᠰᠡᠷᠭᠦᠴᠡᠬᠦ ᠰᠡᠷᠭᠡᠶᠢᠯᠡᠯᠲᠡ   ᠶᠢᠨ ᠱᠤᠭᠤᠮ   ᠢ

ᠪᠠᠲᠤ ᠴᠣᠭᠴᠠᠯᠠᠵᠤ᠂ ︽ᠡᠭᠦᠳᠡ︾ ᠶᠢ ᠪᠠᠲᠤ ᠰᠠᠬᠢᠭᠰᠠᠨ ᠪᠥᠭᠡᠳ ᠰᠡᠳᠬᠢᠯ ᠤᠨ ᠡᠭᠦᠳᠡ ᠪᠠᠨ ᠴᠦ ᠪᠠᠲᠤ

ᠰᠠᠬᠢᠭᠰᠠᠨ ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号