ᠬᠡᠰᠡᠭ ᠭᠤᠣᠯᠳᠠᠯᠭ᠎ᠠ ᠲᠠᠢ ᠲᠠᠯᠠᠪᠤᠷ ᠭᠠᠵᠠᠷ ᠢ ᠡᠮᠬᠢ ᠵᠢᠷᠤᠮ ᠲᠠᠢ ᠪᠠᠷ ᠨᠡᠭᠡᠭᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/12/7
     ᠥᠷᠭᠡᠨ ᠣᠯᠠᠨ ᠬᠤᠲᠠ ᠶᠢᠨ ᠠᠷᠠᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠤᠲᠠ ᠶᠢᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠶᠢᠨ ᠲᠥᠯᠥᠭᠡ᠂ ᠬᠤᠲᠠ ᠶᠢᠨ ᠵᠢᠯᠤᠭᠤᠳᠬᠤ ᠭᠠᠵᠠᠷ ᠠᠴᠠ ᠬᠡᠰᠡᠭ ᠭᠤᠣᠯᠳᠠᠯᠭ᠎ᠠ ᠲᠠᠢ ᠲᠠᠯᠠᠪᠤᠷ ᠭᠠᠵᠠᠷ ᠢ ᠡᠮᠬᠢ ᠵᠢᠷᠤᠮ ᠲᠠᠢ ᠪᠠᠷ ᠨᠡᠭᠡᠭᠡᠬᠦ ᠪᠠᠷ ᠰᠤᠳᠤᠯᠤᠨ ᠲᠣᠭᠲᠠᠭᠠᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠪᠠ᠄     ᠪᠥᠬᠦ ᠬᠤᠲᠠ ᠶᠢᠨ ᠳᠠᠭᠤᠤ ᠶᠢᠨ ᠲᠢᠩᠬᠢᠮ᠂ ᠰᠦᠯᠵᠢᠶᠡᠨ ᠤ ᠪᠠᠭᠠᠷ᠂ ᠤᠬᠢᠶᠠᠯᠭ᠎ᠠ᠂ ᠬᠥᠯ ᠵᠠᠰᠠᠯᠭ᠎ᠠ᠂ ᠠᠷᠢᠬᠢᠨ ᠪᠠᠭᠠᠷ᠂ ᠴᠠᠢ ᠶᠢᠨ ᠮᠤᠬᠤᠯᠠᠭ᠂ ᠵᠢᠰᠦ ᠭᠤᠶᠣᠯᠠᠬᠤ ᠭᠠᠵᠠᠷ᠂ ᠪᠡᠶ᠎ᠡ ᠰᠤᠪᠢᠯᠠᠯᠲᠠ ᠡᠷᠡᠭᠦᠯᠵᠢᠯ᠂ ᠭᠡᠷ ᠠᠬᠤᠢ ᠶᠢᠨ ᠠᠷᠢᠭᠤᠨ ᠴᠡᠪᠡᠷ᠂ ᠵᠠᠰᠠᠯ ᠴᠢᠮᠡᠭᠯᠡᠯ᠂ ᠺᠢᠨᠣ᠋ ᠶᠢᠨ ᠣᠷᠳᠣᠨ᠂ ᠱᠠᠩᠨᠠᠯᠲᠤ ᠰᠤᠭᠤᠯᠤᠭ᠎ᠠ ᠶᠢᠨ ᠥᠷᠲᠡᠭᠡ᠂ ᠰᠢᠲᠠᠷ᠎ᠠ ᠶᠢᠨ ᠥᠷᠥᠭᠡ᠂ ᠵᠦᠴᠦᠭᠡ ᠶᠢᠨ ᠳᠡᠪᠲᠡᠷ ᠤᠨ ᠠᠯᠠᠯᠭ᠎ᠠ᠂ ᠪᠡᠶ᠎ᠡ ᠴᠢᠭᠢᠷᠠᠭᠵᠢᠭᠤᠯᠬᠤ ᠥᠷᠥᠭᠡ᠂ ᠴᠢᠴᠢᠭᠦᠷ ᠪᠥᠮᠪᠦᠭᠡ ᠶᠢᠨ ᠲᠢᠩᠬᠢᠮ᠂ ᠪᠡᠶ᠎ᠡ ᠶᠢᠨ ᠲᠠᠮᠢᠷ ᠤᠨ ᠣᠷᠳᠣᠨ᠂ ᠬᠡᠦᠬᠡᠳ ᠤᠨ ᠵᠤᠭ᠎ᠠ ᠴᠡᠩᠭᠡᠯ ᠤᠨ ᠬᠦᠷᠢᠶᠡᠯᠡᠩ᠂ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢ ᠲᠦᠷ ᠬᠤᠶᠢᠰᠢᠯᠠᠭᠤᠯᠤᠨ᠎ᠠ᠃ᠢᠳᠡᠭᠡᠨ ᠤᠮᠳᠠᠭᠠᠨ ᠤ ᠦᠢᠯᠡᠴᠢᠯᠡᠭᠡ ︵ᠬᠠᠩᠭᠠᠯᠭ᠎ᠠ ᠶᠢ ᠪᠠᠲᠤᠯᠠᠬᠤ ᠬᠤᠳᠠᠯᠳᠤᠭᠠᠴᠢᠨ ᠡᠷᠦᠬᠡ ᠪᠠᠭᠲᠠᠬᠤ ᠦᠭᠡᠢ︶᠂ ᠵᠠᠬᠢᠶᠠᠯᠠᠭ᠎ᠠ ᠶᠢᠨ ᠬᠤᠭᠤᠯᠠ ᠢᠳᠡᠬᠦ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠰᠡᠷᠭᠦᠭᠡᠬᠦ ᠴᠠᠭ ᠢ ᠲᠣᠭᠲᠠᠭᠠᠳᠤᠢ ᠪᠠᠶᠢᠨ᠎ᠠ᠃ᠳᠡᠭᠡᠷ᠎ᠡ ᠳᠤᠷᠠᠳᠤᠭᠰᠠᠨ ᠠᠵᠢᠯ ᠲᠦᠷᠦᠯ ᠠᠴᠠ ᠭᠠᠳᠠᠨ᠎ᠠ᠂ ᠪᠤᠰᠤᠳ ᠠᠵᠢᠯ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠦᠬᠦᠨ ᠢᠶᠠᠷ ᠢᠶᠠᠨ ᠬᠡᠪ ᠤᠨ ᠡᠵᠡᠩᠨᠡᠯᠲᠡ ᠪᠠᠨ ᠰᠡᠷᠭᠦᠭᠡᠨ᠎ᠡ᠃ᠬᠡᠪ ᠤᠨ ᠡᠵᠡᠩᠨᠡᠯᠲᠡ ᠶᠢᠨ ᠡᠵᠡᠩᠨᠡᠯᠲᠡ ᠶᠢᠨ ᠲᠠᠯᠠᠪᠤᠷ ᠭᠠᠵᠠᠷ ᠨᠢ ︽ᠨᠡᠶᠢᠳᠡᠮ ᠬᠡᠷᠡᠭᠯᠡᠬᠦ ᠨᠣᠮᠧᠷ︾ ᠢ ᠱᠦᠭᠦᠷᠳᠡᠨ ᠠᠷᠢᠯᠭᠠᠬᠤ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠠᠷᠢᠭᠤᠳᠬᠠᠨ ᠠᠷᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠭᠤᠷᠢᠨ ᠪᠠᠶᠢᠴᠠᠭᠠᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ᠂ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠡᠵᠡᠩᠨᠡᠭᠰᠡᠳ ᠢ ᠴᠢᠩᠭ᠎ᠠ ᠬᠦᠨᠳᠦ ᠪᠠᠷ ᠰᠢᠳᠬᠡᠨ ᠲᠣᠷᠭᠠᠨ᠎ᠠ᠃     ᠣᠶᠢᠷ᠎ᠠ ᠶᠢᠨ ᠡᠳᠦᠷ ᠤᠳ ᠲᠤ ︵ᠪᠤᠴᠠᠵᠤ ᠢᠷᠡᠭᠰᠡᠨ︶ ᠬᠤᠤᠯᠢᠩᠭᠤᠤᠯ ‍ᠤ᠊ ‍ᠨ‌‍ᠬᠥ᠋ᠮᠥᠰ ᠤᠨ ᠳᠣᠲᠣᠷ᠎ᠠ᠂ ᠡᠳᠦᠷ ᠪᠦᠷᠢ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠣᠯᠠᠨ ᠭᠠᠷᠴᠤ ᠪᠠᠶᠢᠭ᠎ᠠ ᠪᠠᠶᠢᠳᠠᠯ ᠢ ᠦᠨᠳᠦᠰᠦᠯᠡᠨ᠂ ᠥᠷᠭᠡᠨ ᠣᠯᠠᠨ ᠰᠠᠭᠤᠭᠠᠯᠢ ᠠᠷᠠᠳ ᠲᠤ ᠡᠷᠬᠡᠪᠰᠢ ᠭᠠᠳᠠᠷ ᠣᠷᠣᠨ ᠤ ᠲᠥᠷᠥᠯ ᠰᠠᠳᠤᠨ ᠨᠠᠶᠢᠵᠠ ᠨᠥᠬᠦᠳ ᠲᠡᠭᠡᠨ ᠮᠡᠳᠡᠭᠳᠡᠬᠦ ᠬᠡᠷᠡᠭᠲᠡᠢ᠂ ᠣᠶᠢᠷ᠎ᠠ ᠶᠢᠨ ᠬᠤᠭᠤᠴᠠᠭᠠᠨ ᠳᠤ ᠬᠤᠤᠯᠢᠩᠭᠤᠤᠯ ᠳᠤ ᠪᠤᠴᠠᠬᠤ ᠰᠠᠨᠠᠭ᠎ᠠ ᠲᠠᠢ ᠪᠣᠯ᠂ 3 ᠡᠳᠦᠷ ᠤᠨ ᠡᠮᠦᠨ᠎ᠡ ᠵᠣᠷᠢᠭᠰᠠᠨ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ ᠮᠡᠳᠡᠭᠦᠯᠦᠨ ᠳᠠᠩᠰᠠᠯᠠᠭᠤᠯᠵᠤ᠂  ᠬᠤᠤᠯᠢᠩᠭᠤᠤᠤᠯ ᠳᠤ ᠢᠷᠡᠭᠰᠡᠨ ᠤ ᠳᠠᠷᠠᠭ᠎ᠠ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠤᠬᠠᠮᠰᠠᠷ   ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠠᠬᠢᠨᠲᠠ ᠰᠠᠨᠠᠭᠤᠯᠵᠤ ᠪᠠᠶᠢᠨ᠎ᠠ᠃ᠮᠠᠨ ᠤ ᠬᠤᠲᠠ ᠵᠠᠮ ᠬᠠᠷᠢᠯᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠥᠷᠲᠡᠭᠡ ᠠᠴᠠ ᠮᠠᠭᠤ ᠰᠠᠨᠠᠭ᠎ᠠ ᠲᠠᠢ ᠪᠠᠷ ᠵᠠᠶᠢᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠵᠦ᠂ ᠬᠢᠵᠢᠭ ᠤᠨ ᠪᠠᠶᠢᠳᠠᠯ ᠢ ᠲᠠᠷᠬᠠᠭᠠᠨ ᠳᠡᠯᠭᠡᠷᠡᠭᠦᠯᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠡᠭᠦᠨ ᠤ ᠬᠠᠮᠲᠤ ᠥᠷᠭᠡᠨ ᠣᠯᠠᠨ ᠰᠠᠭᠤᠭᠠᠯᠢ ᠠᠷᠠᠳ ᠢ ᠤᠷᠢᠵᠤ ᠮᠡᠳᠡᠭᠦᠯᠦᠨ ᠳᠠᠩᠰᠠᠯᠠᠭᠤᠯᠬᠤ ᠶᠢ ᠳᠠᠮᠵᠢᠭᠰᠠᠨ ᠦᠭᠡᠢ ᠮᠥᠷᠲᠡᠭᠡᠨ ᠵᠣᠬᠢᠴᠠᠩᠭᠤᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠬᠥᠮᠥᠰ ᠢ ᠲᠡᠭᠦᠨ ᠤ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠳᠤ ᠢᠯᠡᠴᠢᠯᠡᠨ ᠮᠡᠳᠡᠭᠦᠯᠵᠦ ᠪᠣᠯᠣᠨ᠎ᠠ ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶   ᠠᠴᠠ ᠵᠣᠬᠢᠬᠤ ᠱᠠᠩᠨᠠᠯ ᠣᠯᠭᠤᠬᠤ ᠶᠢᠨ ᠬᠠᠮᠲᠤ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠨᠢ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠠᠵᠢᠯ ᠢ ᠴᠢᠩᠭ᠎ᠠ ᠰᠠᠶᠢᠲᠤᠷ ᠬᠢᠵᠦ᠂ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢ ᠵᠠᠳᠠᠷᠠᠭᠤᠯᠤᠭᠰᠠᠨ ᠠᠵᠢᠯᠲᠠᠨ   ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠶᠢᠨ ᠬᠠᠮᠲᠤ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠵᠡᠵᠦ ᠪᠠᠶᠢᠭᠠᠳ ᠴᠠᠭ ᠲᠤᠨᠢ ᠲᠣᠬᠢᠷᠠᠭᠤᠯᠤᠨ ᠲᠣᠬᠢᠷᠠᠭᠤᠯᠤᠨ᠎ᠠ᠃     ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ        2022 ᠣᠨ ᠤ 12 ᠰᠠᠷ᠎ᠠ ᠶᠢᠨ 7
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号