ᠰᠢᠩ ᠹᠠ ᠨᠡᠶᠢᠭᠡᠮ ᠲᠣᠭᠤᠷᠢᠭ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠵᠡᠢ
ᠨᠡᠶᠢᠲᠡᠯᠡᠭᠰᠡᠨ ᠴᠠᠭ᠄
2022/12/9
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠷᠢᠶ᠎ᠠ ᠣᠷᠣᠨ ᠳᠠᠭᠠᠨ ᠬᠠᠤᠯᠢ ᠶᠢ ᠵᠢᠷᠤᠮᠯᠠᠬᠤ᠂ ᠬᠠᠤᠯᠢ ᠶᠢ ᠰᠠᠬᠢᠬᠤ᠂ ᠬᠠᠤᠯᠢ ᠶᠢ ᠰᠤᠷᠤᠯᠴᠠᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 12 ᠰᠠᠷ᠎ᠠ ᠶᠢᠨ 7  ᠤ ᠡᠳᠦᠷ᠂ ᠰᠢᠩ ᠹᠠ ᠨᠡᠶᠢᠭᠡᠮ ᠲᠣᠭᠤᠷᠢᠭ ᠤᠨ ᠬᠢᠨ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ᠲᠤᠰᠬᠠᠢ ᠰᠡᠳᠦᠪᠲᠦ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠵᠡᠢ᠃

   ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠪᠦᠬᠦ

ᠠᠵᠢᠯᠲᠠᠳ ᠢᠶᠠᠨ ᠳᠠᠭᠠᠭᠤᠯᠵᠤ᠂︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢᠨ

ᠲᠡᠦᠬᠡᠨ ᠬᠥᠭᠵᠢᠯᠲᠡ᠂ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢᠨ ᠭᠤᠣᠯ ᠠᠭᠤᠯᠭ᠎ᠠ᠂ ᠰᠢᠨ᠎ᠡ

ᠠᠶᠠᠨ ᠵᠠᠮ ᠳᠤ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠵᠡᠷᠭᠡ

ᠲᠠᠯ᠎ᠠ ᠠᠴᠠ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ ᠰᠤᠷᠤᠯᠴᠠᠪᠠ᠃

   ᠬᠤᠷᠠᠯ ᠤᠨ ᠳᠠᠷᠠᠭ᠎ᠠ ᠣᠯᠠᠨ ᠢᠶᠠᠷ ᠢᠶᠠᠨ᠄ ᠨᠠᠮ ᠤᠨ ᠭᠡᠰᠢᠭᠦᠨ ᠺᠠᠳ᠋ᠷ ᠪᠣᠯᠣᠨ ᠨᠡᠶᠢᠭᠡᠮ ᠲᠣᠭᠤᠷᠢᠭ ᠤᠨ

ᠠᠵᠢᠯᠲᠠᠨ ᠪᠣᠯᠤᠭᠰᠠᠨ ᠤ ᠬᠤᠪᠢ ᠳᠤ ᠦᠨᠳᠦᠰᠦᠨ ᠬᠠᠤᠯᠢ  ᠶᠢ ᠲᠦᠷᠦᠭᠦᠯᠡᠨ ᠰᠤᠷᠤᠯᠴᠠᠵᠤ᠂ ᠤᠬᠠᠭᠤᠯᠬᠤ ᠠᠷᠭ᠎ᠠ

ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ

ᠲᠣᠭᠤᠷᠢᠭ ᠤᠨ ᠬᠡᠪᠴᠢᠶᠡᠨ ᠳᠤ ᠦᠨᠳᠦᠰᠦᠨ ᠬᠠᠤᠯᠢ ᠶᠢ ᠰᠤᠷᠤᠯᠴᠠᠬᠤ ᠬᠤᠯᠪᠣᠭᠳᠠᠯ ᠪᠦᠬᠦᠢ ᠤᠬᠠᠭᠤᠯᠬᠤ

ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠨ ᠬᠠᠤᠯᠢ ᠶᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ

ᠭᠡᠷ ᠲᠤ ᠣᠷᠣᠭᠤᠯᠵᠤ᠂ ᠰᠤᠷᠤᠯᠴᠠᠬᠤ ᠬᠠᠯᠠᠭᠤᠨ ᠥᠷᠨᠢᠯᠲᠡ ᠭᠠᠷᠭᠠᠵᠤ᠂ ᠺᠠᠳ᠋ᠷ ᠤᠯᠠᠨ ᠲᠦᠮᠡᠨ ᠤ ᠬᠠᠤᠯᠢ ᠪᠠᠷ

ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ

ᠦᠢᠯᠡᠰ ᠤᠨ ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ ᠰᠠᠭᠤᠷᠢ ᠶᠢ ᠲᠠᠯᠪᠢᠵᠤ ᠥᠭᠭᠦᠨ᠎ᠡ ᠭᠡᠵᠦ ᠦᠵᠡᠯ

ᠪᠤᠳᠤᠯ ᠢᠶᠠᠨ ᠰᠤᠯᠢᠯᠴᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号