ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠳ᠋ᠤᠸᠠᠨ ᠶᠢᠩ ᠳᠤ ᠬᠡᠮᠡᠷᠯᠢᠭ ᠲᠤᠭ ᠬᠦᠷᠭᠡᠵᠦ᠂ ᠰᠦᠯᠵᠢᠶᠡᠨ ᠤ ᠠᠵᠢᠯᠲᠠᠨ ᠵᠢᠴᠢ ᠨᠡᠶᠢᠭᠡᠮ ᠲᠣᠭᠤᠷᠢᠭ ᠤᠨ ᠠᠵᠢᠯᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠦᠢᠯᠡᠴᠢᠯᠡᠵᠦ ᠪᠠᠶᠢᠭ᠎ᠠ ᠳᠤ ᠲᠠᠯᠠᠷᠬᠠᠵᠤ ᠪᠠᠶᠢᠭ᠎ᠠ ᠰᠡᠳᠬᠢᠯᠭᠡ ᠪᠠᠨ ᠢᠯᠡᠳᠬᠡᠵᠡᠢ
ᠨᠡᠶᠢᠲᠡᠯᠡᠭᠰᠡᠨ ᠴᠠᠭ᠄
2022/12/9
   ᠣᠶᠢᠷ᠎ᠠ ᠳᠤ᠂ ᠰᠠᠭᠤᠭᠠᠯᠢ ᠠᠷᠠᠳ ᠯᠢᠦ ᠶᠢᠨ ᠪᠦᠦ᠂ ᠯᠢ ᠬᠤᠩ ᠵᠢᠦ᠂ ᠵᠢᠢ ᠱᠣᠸ ᠯᠢᠨ ᠵᠡᠷᠭᠡ 6 ᠰᠠᠭᠤᠭᠠᠯᠢ ᠠᠷᠠᠳ ︽ᠠᠷᠠᠳ ᠤᠨ ᠲᠥᠯᠥᠭᠡ ᠵᠣᠪᠠᠨᠢᠯ   ᠢ ᠠᠷᠢᠯᠭᠠᠵᠤ᠂ ᠲᠡᠯᠡᠶ ᠮᠡᠲᠦ ᠭᠦᠨ ᠰᠡᠳᠬᠢᠯᠭᠡ ᠲᠠᠢ᠂ ᠠᠷᠠᠳ ᠤᠨ ᠲᠥᠯᠥᠭᠡ ᠤᠴᠢᠷ ᠶᠠᠪᠤᠳᠠᠯ ᠪᠦᠲᠦᠭᠡᠵᠦ᠂ ᠲᠤᠶᠢᠯ ᠢᠶᠠᠷ ᠬᠠᠯᠠᠮᠵᠢᠯᠠᠪᠠ︾ ᠭᠡᠰᠡᠨ ᠥᠰᠥᠭ ᠲᠠᠢ ᠬᠡᠮᠡᠷᠯᠢᠭ ᠲᠤᠭ   ᠢ ᠨᠠᠨ ᠶᠤᠸᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠳ᠋ᠤᠸᠠᠨ ᠶᠢᠩ ᠤᠨ ᠭᠠᠷ ᠲᠤ ᠬᠦᠷᠭᠡᠵᠦ᠂ ᠲᠡᠳᠡᠨ ᠤ ᠰᠦᠯᠵᠢᠶᠡᠨ ᠤ ᠠᠵᠢᠯᠲᠠᠨ ᠵᠢᠴᠢ ᠨᠡᠶᠢᠭᠡᠮ ᠲᠣᠭᠤᠷᠢᠭ ᠤᠨ ᠠᠵᠢᠯᠲᠠᠨ ᠤ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠦᠢᠯᠡᠴᠢᠯᠡᠵᠦ ᠪᠠᠶᠢᠭ᠎ᠠ ᠳᠤ ᠲᠠᠯᠠᠷᠬᠠᠵᠤ ᠪᠠᠶᠢᠭ᠎ᠠ ᠰᠡᠳᠬᠢᠯᠭᠡ ᠪᠠᠨ ᠢᠯᠡᠳᠬᠡᠵᠡᠢ᠃

   ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠰᠦᠯᠵᠢᠶᠡᠨ ᠤ ᠠᠵᠢᠯᠲᠠᠨ ᠳ᠋ᠤᠸᠠᠨ ᠶᠢᠩ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠵᠢᠯ ᠳᠤ ᠡᠷᠡᠭᠡᠯᠵᠡᠯ ᠦᠭᠡᠢ ᠪᠠᠷ

ᠣᠷᠣᠯᠴᠠᠵᠤ᠂ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠮᠡᠳᠡᠭᠡ ᠵᠠᠩᠭᠢ ᠶᠢ

ᠰᠢᠩᠭᠡᠬᠡᠨ ᠣᠷᠣᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ

ᠥᠷᠨᠢᠭᠦᠯᠵᠦ᠂ ᠭᠡᠷ ᠠᠴᠠ ᠪᠠᠨ ᠲᠤᠰᠠᠭᠠᠷᠯᠠᠵᠤ ᠪᠠᠶᠢᠭ᠎ᠠ ᠬᠥᠮᠥᠰ ᠢ ᠬᠠᠪᠰᠤᠷᠤᠨ ᠠᠮᠢᠳᠤᠷᠠᠯ ᠤᠨ ᠡᠳ᠋ ᠪᠣᠳᠠᠰ

ᠬᠤᠳᠠᠯᠳᠤᠨ ᠠᠪᠤᠭᠤᠯᠬᠤ᠂ ᠡᠳᠦᠷ ᠪᠦᠷᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠰᠠᠭᠤᠭᠠᠯᠢ ᠠᠷᠠᠳ ᠤᠨ

ᠮᠡᠳᠡᠭᠡ ᠵᠠᠩᠭᠢ ᠶᠢ ᠬᠦᠯᠢᠴᠡᠩᠭᠦᠢ ᠪᠠᠷ ᠬᠠᠷᠢᠭᠤᠯᠬᠤ ᠵᠡᠷᠭᠡ ᠠᠵᠢᠯ ᠢ ᠥᠷᠨᠢᠭᠦᠯᠪᠡ᠃ᠳᠠᠭᠠᠭᠠᠴᠠ ᠠᠴᠠ ᠪᠠᠨ

ᠬᠡᠲᠦᠷᠡᠭᠰᠡᠨ ᠠᠵᠢᠯ ᠤᠨ ᠡᠮᠦᠨ᠎ᠡ ᠲᠡᠷᠡ ᠥᠴᠥᠬᠡᠨ ᠴᠦ ᠴᠠᠯᠠᠭᠠᠶᠢᠷᠠᠭᠰᠠᠨ ᠦᠭᠡᠢ᠃ ᠰᠠᠭᠤᠭᠠᠯᠢ ᠠᠷᠠᠳ ᠯᠢᠦ ᠶᠢᠨ

ᠪᠦᠦ᠄ ︽ᠰᠦᠯᠵᠢᠶᠡᠨ ᠤ ᠲᠠᠰᠤᠯᠪᠤᠷᠢ   ᠶᠢᠨ ᠠᠵᠢᠯᠲᠠᠨ ᠪᠠᠶᠢᠭ᠎ᠠ ᠪᠣᠯᠬᠤᠷ ᠪᠢᠳᠡᠨ ᠳᠤ ᠮᠠᠰᠢ ᠬᠠᠯᠠᠭᠤᠨ ᠳᠤᠯᠠᠭᠠᠨ

ᠪᠥᠭᠡᠳ ᠠᠮᠤᠷ ᠲᠦᠪᠰᠢᠨ ᠰᠠᠨᠠᠭᠳᠠᠵᠤ ᠪᠠᠶᠢᠨ᠎ᠠ︖︾ ᠭᠡᠵᠦ ᠬᠡᠯᠡᠪᠡ᠃

 ︽ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠪᠦᠬᠦ ᠰᠡᠳᠬᠢᠯ ᠪᠦᠬᠦ ᠴᠢᠳᠠᠯ ᠢᠶᠠᠷ ᠢᠶᠠᠨ

ᠦᠢᠯᠡᠴᠢᠯᠡᠬᠦ ᠪᠣᠯ ᠮᠢᠨᠤ ᠠᠵᠢᠯ ᠮᠥᠨ᠂ ᠥᠪᠡᠷ ᠤᠨ ᠬᠢᠪᠡᠰᠦ ᠵᠣᠬᠢᠬᠤ ᠠᠵᠢᠯ ᠮᠥᠨ᠂ ᠬᠡᠮᠡᠷᠯᠢᠭ ᠲᠤᠭ ᠪᠣᠯ ᠮᠢᠨᠤ

ᠠᠵᠢᠯ ᠤᠨ ᠲᠤᠬᠠᠢ ᠨᠤᠲᠠᠯᠠᠯᠲᠠ ᠮᠥᠨ ᠪᠥᠭᠡᠳ ᠪᠠᠰᠠ ᠴᠤ ᠮᠢᠨᠤ ᠬᠥᠳᠡᠯᠭᠡᠭᠦ ᠬᠦᠴᠦᠨ ᠮᠥᠨ᠂ ᠪᠢ

ᠦᠷᠭᠦᠯᠵᠢᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ

ᠠᠷᠠᠳ ᠤᠨ ᠲᠥᠯᠥᠭᠡ ᠰᠠᠶᠢᠲᠤᠷ ᠦᠢᠯᠡᠴᠢᠯᠡᠨ᠎ᠡ︖︾ ᠳ᠋ᠤᠸᠠᠨ ᠶᠢᠩ ᠥᠪᠡᠷ ᠤᠨ ᠰᠡᠳᠬᠢᠯ ᠤᠨ ᠦᠭᠡ ᠪᠠᠨ

ᠬᠡᠯᠡᠵᠦ ᠭᠠᠷᠭᠠᠪᠠ᠃

   ᠬᠡᠮᠡᠷᠯᠢᠭ ᠲᠤᠭ ᠭᠡᠳᠡᠭ ᠨᠢ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠠᠵᠢᠯ ᠳᠤ ᠦᠵᠡᠭᠦᠯᠦᠭᠰᠡᠨ

ᠳᠡᠮᠵᠢᠯᠭᠡ ᠪᠠ ᠨᠤᠲᠠᠯᠠᠯᠲᠠ   ᠶᠢ ᠪᠠᠭᠲᠠᠭᠠᠵᠤ ᠪᠠᠶᠢᠳᠠᠭ᠂ ᠬᠡᠮᠡᠷᠯᠢᠭ ᠲᠤᠭ ᠬᠡᠳᠦᠶᠢᠪᠡᠷ ᠪᠠᠭ᠎ᠠ ᠪᠣᠯᠪᠠᠴᠤ ᠬᠤᠪᠢ  

 ᠶᠢᠨ ᠵᠢᠩ ᠨᠢ ᠪᠠᠭ᠎ᠠ ᠪᠢᠰᠢ᠂ ᠲᠡᠷᠡ ᠨᠢ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠨᠢᠭᠡᠪᠦᠷᠢ   ᠶᠢᠨ

ᠰᠠᠭᠤᠭᠠᠯᠢ ᠠᠷᠠᠳ ᠨᠢᠭᠡᠪᠦᠷᠢ ᠳᠤ ᠰᠡᠳᠬᠢᠯ ᠲᠠᠯᠪᠢᠨ ᠦᠢᠯᠡᠴᠢᠯᠡᠬᠦ   ᠶᠢ ᠵᠣᠷᠢᠭᠵᠢᠭᠤᠯᠬᠤ ᠪᠣᠯᠣᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号