︽Tony ᠪᠠᠭᠰᠢ︾ ᠡᠮᠦᠨ᠎ᠡ  ᠹᠷᠣᠨᠲ ᠳᠤ ᠭᠠᠷᠴᠤ ᠠᠵᠢᠯᠲᠠᠳ ᠤᠨ ︽ᠲᠤᠯᠤᠭᠠᠢ ᠡᠪᠡᠳᠭᠡᠬᠦ︾ ᠶᠡᠭᠡ ᠶᠠᠪᠤᠳᠠᠯ ᠢ ᠰᠢᠢᠳᠪᠦᠷᠢᠯᠡᠵᠦ ᠦᠭᠴᠡᠢ
ᠨᠡᠶᠢᠲᠡᠯᠡᠭᠰᠡᠨ ᠴᠠᠭ᠄
2022/12/9
   ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠨᠠᠨ ᠯᠦ ᠲᠢᠶᠠᠨ ᠨᠡᠭᠦᠷᠡᠰᠦᠨ ᠠᠭᠤᠷᠬᠠᠢ ᠶᠢᠨ ᠬᠢᠨ ᠬᠢᠵᠢᠭ ᠢ ᠡᠰᠡᠷᠭᠦᠴᠡᠨ ᠬᠠᠩᠭᠠᠯᠭ᠎ᠠ ᠶᠢ ᠪᠠᠲᠤᠯᠠᠬᠤ ᠪᠡᠯᠡᠳᠬᠡᠯ ᠲᠥᠰᠥᠯ ᠢ ᠲᠡᠷᠡ ᠳᠠᠷᠤᠢ ᠳᠤᠨᠢ ᠡᠬᠢᠯᠡᠨ ᠬᠡᠷᠡᠭᠵᠢᠭᠦᠯᠵᠦ᠂ ᠲᠡᠭᠡᠭᠡᠪᠦᠷᠢ ᠶᠢᠨ ᠶᠠᠮᠤᠨ ᠨᠢ ᠦᠢᠯᠡᠳᠪᠦᠷᠢᠯᠡᠯ ᠤᠨ ᠹᠷᠣᠨᠲ ᠤᠨ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ 80 ᠭᠠᠷᠤᠢ ᠠᠵᠢᠯᠲᠠᠨ ︽ᠭᠤᠷᠪᠠᠨ ᠴᠠᠭ ᠢᠶᠠᠷ ᠭᠤᠷᠪᠠ ᠶᠢ ᠡᠭᠡᠯᠵᠢᠯᠡᠭᠦᠯᠬᠦ︾ ᠠᠵᠢᠯᠯᠠᠭᠠᠨ ᠤ ᠵᠠᠭᠪᠤᠷ ᠢ ᠬᠡᠷᠡᠭᠯᠡᠨ᠂ ᠠᠭᠤᠷᠬᠠᠢ ᠳᠤ ᠰᠠᠭᠤᠵᠤ ᠲᠦᠭᠦᠬᠡᠢ ᠨᠡᠭᠦᠷᠡᠰᠦᠨ ᠤ ᠦᠢᠯᠡᠳᠪᠦᠷᠢᠯᠡᠯ ᠢ ᠪᠠᠲᠤᠯᠠᠭᠰᠠᠨ ᠪᠠᠶᠢᠨ᠎ᠠ᠃ᠡᠨᠡ ᠬᠡᠰᠡᠭ ᠬᠤᠭᠤᠴᠠᠭᠠᠨ ᠳᠤ᠂ ᠠᠵᠢᠯᠲᠠᠳ ᠤᠨ ᠪᠤᠬᠢᠨᠢᠳᠤᠯ ᠡᠳᠦᠷ ᠢᠷᠡᠬᠦᠶ᠎ᠡ ᠨᠡᠮᠡᠭᠳᠡᠵᠦ᠂ ᠦᠰᠦ ᠵᠠᠰᠠᠬᠤ ᠨᠢ ᠠᠵᠢᠯᠲᠠᠳ ᠤᠨ ᠨᠢᠭᠡ ᠶᠡᠭᠡ ᠬᠦᠴᠢᠷ ᠠᠰᠠᠭᠤᠳᠠᠯ ᠪᠣᠯᠪᠠ᠃

   ᠠᠵᠢᠯᠲᠠᠳ ᠤᠨ ᠢᠶᠠᠨ ︽ᠰᠠᠨᠠᠭᠠᠰᠢᠷᠠᠯ ᠲᠠᠢ ᠶᠠᠪᠤᠳᠠᠯ︾ ᠢ ᠣᠶᠢᠯᠠᠭᠠᠭᠰᠠᠨ ᠤ ᠳᠠᠷᠠᠭ᠎ᠠ᠂ ᠲᠣᠰ ᠰᠠᠯᠠᠭ᠎ᠠ

ᠮᠥᠴᠢᠷ ᠤᠨ ᠠᠭᠤᠷᠬᠠᠢ ᠳᠤ ᠰᠠᠭᠤᠭ᠎ᠠ ᠰᠠᠶᠢᠨ ᠳᠤᠷ᠎ᠠ ᠶᠢᠨ ᠠᠵᠢᠯᠯᠠᠭᠴᠢᠳ ᠤᠨ ᠳᠤᠭᠤᠶᠢᠯᠠᠩ ᠤᠨ ᠳᠠᠷᠤᠭ᠎ᠠ ᠯᠢᠦ

ᠰᠢᠶᠣᠣ ᠳ᠋ᠦᠩ ᠵᠣᠴᠢᠳ ᠢᠶᠠᠷ ︽Tony ᠪᠠᠭᠰᠢ︾ ᠲᠠᠢ ᠬᠤᠯᠪᠣᠭᠠᠯᠠᠭᠤᠯᠪᠠ᠃ ᠨᠢᠭᠡ ᠰᠠᠨᠳᠠᠯᠢ᠂ ᠨᠢᠭᠡ ᠢᠵᠢ

ᠦᠰᠦ ᠵᠠᠰᠠᠬᠤ ᠪᠠᠭᠠᠵᠢ᠂ ᠲᠦᠷ ᠴᠠᠭ ᠤᠨ ︽ᠬᠠᠶᠢᠷ᠎ᠠ  ᠬᠠᠯᠠᠮᠵᠢ ᠶᠢᠨ ᠦᠰᠦ ᠵᠠᠰᠠᠬᠤ ᠭᠠᠵᠠᠷ︾ ᠡᠭᠦᠳᠡ ᠪᠠᠨ

ᠨᠡᠭᠡᠭᠡᠪᠡ᠃ ᠪᠠᠭᠠᠵᠢ ᠢᠶᠠᠨ ᠠᠷᠢᠭᠤᠳᠬᠠᠵᠦ᠂ ᠠᠮᠠᠪᠴᠢ ᠪᠠᠨ ᠰᠠᠶᠢᠬᠠᠨ  ᠵᠡᠭᠦᠭᠡᠳ᠂ ᠪᠠᠭᠠᠵᠢ ᠪᠠᠨ

ᠪᠣᠯᠪᠠᠰᠤᠷᠠᠩᠭᠤᠢ ᠪᠠᠷ ᠬᠤᠷᠤᠶᠢᠯᠵᠠᠭᠤᠯᠤᠨ᠂ ᠨᠢᠭᠡ ᠨᠢᠭᠡ ᠪᠠᠷ ᠬᠠᠶᠢᠴᠢᠯᠠᠵᠤ᠂ ᠠᠵᠢᠯᠲᠠᠳ ᠤᠨ ᠢᠶᠠᠨ ᠭᠡᠵᠢᠭᠡ ᠶᠢ

ᠲᠡᠷᠢ ᠲᠡᠭᠰᠢ ᠬᠠᠶᠢᠴᠢᠯᠠᠪᠠ᠃ ᠬᠡᠳᠦᠶᠢᠪᠡᠷ ︽ᠥᠪᠡᠷ ᠢᠶᠠᠨ ᠰᠤᠷᠴᠤ ᠴᠢᠳᠠᠪᠤᠷᠢᠲᠠᠨ ᠪᠣᠯᠤᠭᠰᠠᠨ︾ ᠪᠣᠯᠪᠠᠴᠤ᠂ ᠭᠠᠷ

ᠤᠷᠠᠯᠠᠯ ᠨᠢ ᠴᠦ ᠰᠠᠶᠢᠨ ᠪᠢᠰᠢ᠂ ᠠᠯᠢ ᠣᠯᠠᠨ ᠴᠡᠪᠡᠷ ᠰᠠᠶᠢᠬᠠᠨ ᠭᠡᠵᠢᠭᠡᠨ ᠤ ᠬᠡᠯᠪᠡᠷᠢ ᠭᠠᠷᠴᠤ ᠢᠷᠡᠬᠦ ᠶᠢ

ᠳᠠᠭᠠᠯᠳᠤᠨ᠂ ᠨᠢᠭᠡᠳᠦᠭᠡᠷ ᠹᠷᠣᠨᠲ ᠤᠨ ᠠᠵᠢᠯᠲᠠᠳ ᠢ ᠮᠠᠰᠢ ᠤᠳᠠᠭᠠᠨ ᠵᠣᠪᠠᠭᠠᠵᠤ ᠪᠠᠶᠢᠭᠰᠠᠨ ︽ᠲᠤᠯᠤᠭᠠᠢ

ᠡᠪᠡᠳᠭᠡᠬᠦ︾ ᠲᠣᠮᠣ ᠶᠠᠪᠤᠳᠠᠯ ᠢ ᠶᠠᠭᠤ ᠴᠤ ᠭᠡᠰᠡᠨ ᠰᠢᠢᠳᠪᠦᠷᠢᠯᠡᠵᠡᠢ᠃ ᠦᠰᠦ ᠵᠠᠰᠠᠬᠤ ᠶᠠᠪᠤᠴᠠ ᠳᠤ ᠲᠡᠷᠡ ᠪᠠᠰᠠ

ᠦᠰᠦ ᠵᠠᠰᠠᠬᠤ ᠴᠢᠬᠤᠯᠠᠲᠠᠢ ᠠᠵᠢᠯᠲᠠᠳ ᠲᠤ ᠠᠮᠠᠪᠴᠢ ᠵᠡᠭᠦᠯᠭᠡᠬᠦ ᠳᠤ ᠬᠢᠨᠠᠯᠲᠠ ᠲᠠᠯᠪᠢᠬᠤ ᠪᠠᠨ ᠮᠠᠷᠲᠠᠭᠰᠠᠨ ᠦᠭᠡᠢ᠂

ᠡᠭᠦᠨ ᠤ ᠬᠠᠮᠲᠤ ᠬᠦᠯᠢᠶᠡᠬᠦ ᠬᠤᠭᠤᠴᠠᠭᠠᠨ ᠳᠤ ᠣᠯᠠᠨ ᠢᠶᠠᠷ ᠢᠶᠠᠨ ᠴᠥᠮ ᠭᠤᠷᠪᠠᠨ ᠮᠧᠲᠷ ᠠᠴᠠ ᠳᠡᠭᠡᠭᠰᠢ ᠵᠠᠶᠢᠲᠠᠢ

ᠪᠠᠶᠢᠪᠠ᠃

   ᠣᠳᠣ ᠬᠠᠷᠢᠨ ᠮᠢᠨᠤ ᠶᠡᠭᠡ ᠠᠰᠠᠭᠤᠳᠠᠯ ᠢ ᠰᠢᠢᠳᠪᠦᠷᠢᠯᠡᠴᠢᠬᠡᠯ᠎ᠡ︕ ᠬᠠᠩᠭᠠᠯᠭ᠎ᠠ ᠶᠢ ᠪᠠᠲᠤᠯᠠᠬᠤ

ᠦᠢᠯᠡᠳᠪᠦᠷᠢᠯᠡᠯ ᠤᠨ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭᠰᠠᠨ ᠯᠢ ᠮᠢᠩ ᠮᠢᠩ ᠰᠠᠶ᠋ᠢᠬᠠᠨ ᠵᠠᠰᠠᠵᠤ

ᠪᠠᠷᠠᠭᠰᠠᠨ ᠤ ᠳᠠᠷᠠᠭᠠᠬᠢ ᠲᠡᠷᠢ ᠲᠡᠭᠰᠢ ᠭᠡᠵᠢᠭᠡ ᠶᠢ ᠲᠡᠮᠲᠡᠷᠢᠵᠦ ᠦᠵᠡᠭᠡᠳ᠄ ︽ᠦᠵᠡᠬᠦ ᠳᠤ ᠴᠤᠭ ᠵᠢᠪᠬᠤᠭ᠎ᠠ ᠲᠠᠢ

ᠪᠠᠶᠢᠨ᠎ᠠ︾ ᠭᠡᠵᠦ ᠪᠠᠶᠠᠷᠲᠠᠢ ᠪᠠᠷ ᠬᠡᠯᠡᠪᠡ᠃

   ︽ᠪᠢᠲᠡᠭᠡᠢ ᠬᠡᠯᠡᠭᠡᠷᠡᠢ᠂ ᠡᠨᠡ ᠮᠡᠷᠭᠡᠵᠢᠯ ᠴᠢᠨᠢ ᠶᠣᠰᠣᠲᠠᠢ ᠯᠠ ︿ᠰᠠᠶᠢᠨ﹀ ᠶᠤᠮ ᠪᠠᠶᠢᠨ᠎ᠠ︾ ᠭᠡᠪᠡ᠃

ᠰᠠᠶ᠋ᠢᠬᠠᠨ ᠦᠰᠦ ᠪᠠᠨ ᠵᠠᠰᠠᠵᠤ ᠪᠠᠷᠠᠭᠰᠠᠨ ᠯᠢᠦ ᠣᠪᠣᠭᠲᠤ ᠲᠣᠯᠢᠨ ᠳᠤ ᠬᠠᠨᠳᠤᠨ ᠰᠢᠨ᠎ᠡ ᠭᠡᠵᠢᠭᠡᠨ ᠤ ᠬᠡᠯᠪᠡᠷᠢ ᠪᠠᠨ

ᠮᠠᠭᠠᠵᠢᠬᠤ ᠶᠢᠨ ᠳᠠᠭᠠᠤ ᠢᠨᠢᠶᠡᠨ᠄ ︽ᠪᠢ ᠰᠠᠷ᠎ᠠ ᠭᠠᠷᠤᠢ ᠦᠰᠦ ᠪᠠᠨ ᠵᠠᠰᠠᠭ᠎ᠠ ᠦᠭᠡᠢ᠂ ︿Tony ᠪᠠᠭᠰᠢ﹀  

 ᠶᠢᠨ ᠦᠰᠦ ᠵᠠᠰᠠᠬᠤ ᠭᠠᠵᠠᠷ ᠮᠢᠨᠤ ᠪᠠᠴᠢᠮ ᠪᠠᠶᠢᠳᠠᠯ   ᠢ ᠰᠢᠢᠳᠪᠦᠷᠢᠯᠡᠵᠡᠢ︾ ᠭᠡᠵᠦ ᠬᠡᠯᠡᠪᠡ᠃

 ᠣᠶᠢᠯᠠᠭᠠᠭᠰᠠᠨ ᠢᠶᠠᠷ᠂ ︽Tony ᠪᠠᠭᠰᠢ︾ ᠶᠢᠨ ︽ᠬᠠᠶᠢᠷ᠎ᠠ ᠬᠠᠯᠠᠮᠵᠢ ᠬᠦᠷᠭᠡᠬᠦ ᠦᠰᠦ ᠵᠠᠰᠠᠬᠤ ᠭᠠᠵᠠᠷ︾

ᠡᠭᠦᠳᠡ ᠪᠠᠨ ᠨᠡᠭᠡᠭᠡᠮᠡᠭᠴᠡ ᠰᠠᠯᠠᠭ᠎ᠠ ᠮᠥᠴᠢᠷ ᠤᠨ ᠠᠵᠢᠯᠲᠠᠳ ᠤᠨ ᠠᠩᠬᠠᠷᠤᠯ   ᠢ ᠥᠷᠭᠡᠨ   ᠢᠶᠠᠷ ᠲᠠᠲᠠᠵᠤ᠂ ︽

ᠠᠶᠠᠨᠴᠢᠳ ᠤᠨ ᠲᠤᠭ᠎ᠠ ᠬᠡᠮᠵᠢᠶ᠎ᠡ︾ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ᠲᠣᠰ ᠤᠳᠠᠭ᠎ᠠ ᠨᠡᠶᠢᠲᠡ 30

ᠭᠠᠷᠤᠢ ᠠᠵᠢᠯᠲᠠᠨ ᠠᠵᠢᠯᠴᠢᠨ ᠳᠤ ︽ᠲᠤᠯᠤᠭᠠᠢ ᠡᠪᠡᠳᠭᠡᠬᠦ︾ ᠶᠠᠪᠤᠳᠠᠯ   ᠢ ᠰᠢᠢᠳᠪᠦᠷᠢᠯᠡᠵᠦ ᠥᠭᠴᠡᠢ᠂

ᠣᠯᠠᠨ ᠢᠶᠠᠷ ᠢᠶᠠᠨ ︽ᠪᠡᠶ᠎ᠡ ᠬᠥᠩᠭᠡᠨ   ᠢᠶᠠᠷ ᠪᠠᠶᠢᠯᠳᠤᠵᠤ︾᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ

ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠤᠷᠤᠯᠴᠠᠵᠦ

ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号