︽ᠨᠤᠲᠤᠭ ᠤᠰᠤᠨ ᠤ ᠬᠤᠪᠢᠷᠠᠯᠲᠠ ᠮᠠᠰᠢ ᠶᠡᠭᠡ᠂ ᠵᠠᠮ ᠬᠠᠷᠢᠯᠴᠠᠭ᠎ᠠ ᠤᠯᠠᠮ ᠠᠴᠠ ᠤᠯᠠᠮ ᠲᠦᠭᠦᠮ ᠪᠣᠯᠵᠤ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠯᠠᠮ ᠠᠴᠠ ᠤᠯᠠᠮ ᠰᠠᠶᠢᠵᠢᠷᠠᠵᠤ᠂ ᠮᠠᠨ ᠤ ᠲᠠᠷᠢᠶᠠᠴᠢᠳ ᠤᠨ | ᠣᠷᠣᠯᠭ᠎ᠠ ᠶᠢᠨ ᠲᠦᠪᠰᠢᠨ ᠪᠣᠯᠣᠨ ᠣᠷᠣᠨ ᠰᠠᠭᠤᠴᠠ ᠶᠢᠨ ᠣᠷᠴᠢᠨ ᠲᠣᠭᠤᠷᠢᠨ ᠯᠤᠲᠤ ᠶᠡᠭᠡ ᠰᠠᠶᠢᠵᠢᠷᠠᠯᠲᠠ ᠲᠠᠢ | ᠪᠣᠯᠪᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠣᠨᠣᠰᠤᠭᠰᠠᠨ ᠤ ᠲᠠᠷᠠᠭ᠎ᠠ᠂ ᠪᠢᠳᠡ ᠨᠠᠮ ᠪᠣᠯᠣᠨ | ᠤᠯᠤᠰ ᠤᠨ ᠦᠢᠯᠡᠰ ᠲᠤ ᠢᠲᠡᠭᠡᠯ ᠲᠡᠭᠦᠯᠳᠡᠷ ᠪᠠᠶᠢᠵᠤ᠂ ᠣᠮᠤᠭ ᠵᠣᠷᠢᠭ ᠲᠡᠭᠦᠯᠳᠡᠷ ᠪᠠᠶᠢᠨ᠎ᠠ︾ ᠭᠡᠵᠦᠲ᠋ᠣᠰᠬᠤᠨ ᠤ | ᠠᠷᠠᠳ ᠯᠦ ᠶᠦᠨ ᠹᠠᠩ ᠰᠤᠷᠤᠯᠴᠠᠯᠭ᠎ᠠ ᠶᠢᠨ ᠳᠤᠮᠳᠠ ᠪᠠᠨ ᠭᠦᠨ ᠲᠥᠷᠥᠭᠳᠡᠯ ᠲᠠᠢ ᠪᠠᠶᠢᠵᠤ᠂ ᠲᠡᠷᠡ | ᠨᠤᠲᠤᠭ ᠤᠨ ᠢᠶᠠᠨ ᠠᠷᠪᠠᠨ ᠵᠢᠯ ᠤᠨ ᠲᠤᠷᠰᠢᠬᠢ ᠬᠤᠪᠢᠷᠠᠯᠲᠠ ᠳᠤ ᠣᠮᠣᠭᠰᠢᠪᠠ᠃ ᠨᠠᠮ ᠤᠨ ᠭᠡᠰᠢᠭᠦᠨ ᠭᠠᠢ ᠰᠢᠩ | ᠰᠢᠩ ᠬᠡᠯᠡᠬᠦ ᠳᠡᠭᠡᠨ᠄︽ᠪᠢᠳᠡ ᠬᠥᠳᠡᠭᠡ ᠲᠣᠰᠬᠤᠨ ᠳᠤ ᠠᠮᠢᠳᠤᠷᠠᠵᠤ ᠪᠠᠶᠢᠨ᠎ᠠ᠂ ᠨᠠᠮ ᠠᠴᠠ ᠬᠥᠳᠡᠭᠡ ᠲᠣᠰᠬᠤᠨ ᠤ | ᠬᠥᠭᠵᠢᠯᠲᠡ ᠶᠢᠨ ᠲᠤᠬᠠᠢ ᠳᠤᠷᠠᠳᠤᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠠᠴᠠ ᠮᠠᠨ ᠤ | ᠠᠮᠢᠳᠤᠷᠠᠯ ᠳᠤ ᠮᠠᠰᠢ ᠶᠡᠭᠡ ᠬᠤᠪᠢᠷᠠᠯᠲᠠ ᠭᠠᠷᠭᠠᠵᠠᠢ᠃ ᠤᠳᠤ᠂ ᠤᠯᠤᠰ ᠠᠴᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠤᠯᠠᠮ ᠠᠴᠠ ᠤᠯᠠᠮ ᠴᠢᠬᠤᠯᠠᠴᠢᠯᠠᠵᠤ ᠪᠠᠶᠢᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠠᠷᠠᠳ ᠤᠯᠠᠨ ᠤ ᠰᠡᠳᠬᠢᠯ ᠳᠤ ᠨᠡᠩ ᠪᠠᠲᠤᠯᠠᠭ᠎ᠠ ᠲᠠᠢ ᠪᠣᠯᠵᠠᠢ᠃ ᠨᠠᠮ ᠤᠨ ᠤᠳᠤᠷᠢᠳᠤᠯᠭ᠎ᠠ ᠳᠣᠣᠷ᠎ᠠ᠂ ᠮᠠᠨ ᠤ | ᠠᠮᠢᠳᠤᠷᠠᠯ ᠤᠯᠠᠮ ᠰᠠᠶᠢᠨ ᠰᠠᠶᠢᠬᠠᠨ ᠪᠣᠯᠬᠤ ᠶᠢ ᠢᠲᠡᠭᠡᠵᠦ ᠪᠠᠶᠢᠨ᠎ᠠ︾ ᠭᠡᠵᠦ ᠤᠯᠠᠨ ᠢᠶᠠᠷ ᠢᠶᠠᠨ ᠨᠢᠭᠡ | ᠨᠢᠭᠡ ᠪᠠᠷ ᠢᠶᠠᠨ ᠶᠠᠷᠢᠵᠤ᠂ ᠨᠢᠭᠡ ᠲᠠᠯ᠎ᠠ ᠪᠠᠷ ᠨᠣᠮ ᠤᠩᠰᠢᠬᠤ ᠶᠢᠨ ᠳᠠᠭᠠᠤ ᠰᠠᠨᠠᠯ ᠢᠶᠠᠨ ᠰᠣᠯᠢᠯᠴᠠᠵᠤ᠂ ᠭᠠᠷ ᠲᠠᠭᠠᠨ | ᠲᠠᠰᠤᠷᠠᠯᠲᠠ ᠦᠭᠡᠢ ᠲᠡᠮᠳᠡᠭᠯᠡᠯ ᠬᠢᠵᠦ ᠪᠠᠶᠢᠯ᠎ᠠ᠃ | | | | |