︽ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ | ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ | ᠪᠣᠯᠣᠨ᠎ᠠ᠁︾ | ᠬᠠᠬᠢᠷ ᠬᠦᠢᠲᠡᠨ ᠤ ᠦᠶ᠎ᠡ ᠳᠤ ᠭᠡᠷ ᠤᠨ ᠭᠠᠳᠠᠨᠠᠬᠢ ᠠᠭᠠᠷ ᠤᠨ ᠳᠤᠯᠠᠭᠠᠨ ᠲᠡᠭ ᠠᠴᠠ ᠳᠣᠷᠣᠭᠰᠢ 20 ᠭᠠᠷᠤᠢ | ᠭᠷᠡᠳᠦ᠋ᠰ ᠲᠤ ᠬᠦᠷᠦᠭᠰᠡᠨ ᠪᠣᠯᠪᠠᠴᠤ ᠲᠠᠯᠠᠶᠢᠬᠤᠰᠢᠭᠤ ᠰᠤᠮᠤ ᠶᠢᠨ ᠪᠠᠷᠠᠭᠤᠨ ᠪᠤᠷᠭᠠᠰᠤᠳᠠᠢ ᠭᠠᠴᠠᠭᠠᠨ ᠤ ︽ᠲᠠᠯ᠎ᠠ | ᠨᠤᠲᠤᠭ ᠤᠨ ᠨᠣᠮ ᠤᠨ ᠦᠷᠦᠭᠡ︾ ᠶᠢᠨ ᠠᠭᠤᠷ ᠠᠮᠢᠰᠬᠤᠯ ᠬᠠᠷᠢᠨ ᠮᠠᠰᠢ ᠬᠦᠷ ᠬᠥᠭᠵᠢᠶᠡᠨ ᠲᠠᠢ ᠪᠠᠶᠢᠯ᠎ᠠ᠃ | ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠲᠣᠰᠬᠤᠨ ᠤ ᠺᠠᠳ᠋ᠷ᠂ ᠨᠠᠮ ᠤᠨ ᠭᠡᠰᠢᠭᠦᠨ ᠪᠣᠯᠣᠨ ᠬᠡᠰᠡᠭ ᠲᠣᠰᠬᠤᠨ ᠤ | ᠠᠷᠠᠳ ᠲᠠᠯ᠎ᠠ ᠨᠤᠲᠤᠭ ᠤᠨ ᠨᠣᠮ ᠤᠨ ᠦᠷᠦᠭᠡ ᠳᠤ ᠬᠦᠷᠴᠦ᠂ ᠲᠣᠭᠤᠷᠢᠨ ᠰᠠᠭᠤᠵᠤ᠂ ᠠᠮᠢᠳᠤᠷᠠᠯ | ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠮᠡᠳᠡᠭᠦᠯᠦᠯᠲᠡ ᠶᠢ ᠰᠤᠷᠤᠯᠴᠠᠵᠤ᠂ ᠣᠯᠣᠯᠲᠠ | ᠲᠥᠷᠥᠭᠳᠡᠯ ᠢᠶᠠᠨ ᠶᠠᠷᠢᠯᠴᠠᠵᠤ᠂ ᠲᠥᠯᠦᠪᠵᠢᠭᠦᠯᠭᠡ ᠪᠠᠨ ᠶᠠᠷᠢᠯᠴᠠᠵᠤ᠂ ᠡᠪᠦᠯ ᠤᠨ ᠰᠡᠯᠡᠭᠦᠦ ᠴᠠᠭ ᠲᠤ︽ᠰᠡᠯᠡᠭᠦᠦ ᠴᠠᠭ︾ | ᠪᠠᠶᠢᠬᠤ ᠦᠭᠡᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠭᠤᠷ ᠠᠮᠢᠰᠬᠤᠯ | ᠶᠠᠭ ᠥᠳᠬᠡᠨ ᠪᠠᠶᠢᠭ᠎ᠠ ᠶᠤᠮ᠃ | | | | | | ᠪᠠᠷᠠᠭᠤᠨ ᠪᠤᠷᠭᠠᠰᠤᠳᠠᠢ ᠭᠠᠴᠠᠭ᠎ᠠ ᠲᠠᠯ᠎ᠠ ᠨᠤᠲᠤᠭ ᠤᠨ ᠨᠣᠮ ᠤᠨ ᠥᠷᠥᠭᠡᠨ ᠳᠤ ︽ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ︾ ᠬᠠᠮᠲᠤ ᠶᠢᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ | ︽ᠨᠤᠲᠤᠭ ᠤᠰᠤᠨ ᠤ ᠬᠤᠪᠢᠷᠠᠯᠲᠠ ᠮᠠᠰᠢ ᠶᠡᠭᠡ᠂ ᠵᠠᠮ ᠬᠠᠷᠢᠯᠴᠠᠭ᠎ᠠ ᠤᠯᠠᠮ ᠠᠴᠠ ᠤᠯᠠᠮ ᠲᠦᠭᠦᠮ ᠪᠣᠯᠵᠤ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠯᠠᠮ ᠠᠴᠠ ᠤᠯᠠᠮ ᠰᠠᠶᠢᠵᠢᠷᠠᠵᠤ᠂ ᠮᠠᠨ ᠤ ᠲᠠᠷᠢᠶᠠᠴᠢᠳ ᠤᠨ | ᠣᠷᠣᠯᠭ᠎ᠠ ᠶᠢᠨ ᠲᠦᠪᠰᠢᠨ ᠪᠣᠯᠣᠨ ᠣᠷᠣᠨ ᠰᠠᠭᠤᠴᠠ ᠶᠢᠨ ᠣᠷᠴᠢᠨ ᠲᠣᠭᠤᠷᠢᠨ ᠯᠤᠲᠤ ᠶᠡᠭᠡ ᠰᠠᠶᠢᠵᠢᠷᠠᠯᠲᠠ ᠲᠠᠢ | ᠪᠣᠯᠪᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠣᠨᠣᠰᠤᠭᠰᠠᠨ ᠤ ᠲᠠᠷᠠᠭ᠎ᠠ᠂ ᠪᠢᠳᠡ ᠨᠠᠮ ᠪᠣᠯᠣᠨ | ᠤᠯᠤᠰ ᠤᠨ ᠦᠢᠯᠡᠰ ᠲᠤ ᠢᠲᠡᠭᠡᠯ ᠲᠡᠭᠦᠯᠳᠡᠷ ᠪᠠᠶᠢᠵᠤ᠂ ᠣᠮᠤᠭ ᠵᠣᠷᠢᠭ ᠲᠡᠭᠦᠯᠳᠡᠷ ᠪᠠᠶᠢᠨ᠎ᠠ︾ ᠭᠡᠵᠦᠲ᠋ᠣᠰᠬᠤᠨ ᠤ | ᠠᠷᠠᠳ ᠯᠦ ᠶᠦᠨ ᠹᠠᠩ ᠰᠤᠷᠤᠯᠴᠠᠯᠭ᠎ᠠ ᠶᠢᠨ ᠳᠤᠮᠳᠠ ᠪᠠᠨ ᠭᠦᠨ ᠲᠥᠷᠥᠭᠳᠡᠯ ᠲᠠᠢ ᠪᠠᠶᠢᠵᠤ᠂ ᠲᠡᠷᠡ | ᠨᠤᠲᠤᠭ ᠤᠨ ᠢᠶᠠᠨ ᠠᠷᠪᠠᠨ ᠵᠢᠯ ᠤᠨ ᠲᠤᠷᠰᠢᠬᠢ ᠬᠤᠪᠢᠷᠠᠯᠲᠠ ᠳᠤ ᠣᠮᠣᠭᠰᠢᠪᠠ᠃ ᠨᠠᠮ ᠤᠨ ᠭᠡᠰᠢᠭᠦᠨ ᠭᠠᠢ ᠰᠢᠩ | ᠰᠢᠩ ᠬᠡᠯᠡᠬᠦ ᠳᠡᠭᠡᠨ᠄︽ᠪᠢᠳᠡ ᠬᠥᠳᠡᠭᠡ ᠲᠣᠰᠬᠤᠨ ᠳᠤ ᠠᠮᠢᠳᠤᠷᠠᠵᠤ ᠪᠠᠶᠢᠨ᠎ᠠ᠂ ᠨᠠᠮ ᠠᠴᠠ ᠬᠥᠳᠡᠭᠡ ᠲᠣᠰᠬᠤᠨ ᠤ | ᠬᠥᠭᠵᠢᠯᠲᠡ ᠶᠢᠨ ᠲᠤᠬᠠᠢ ᠳᠤᠷᠠᠳᠤᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠠᠴᠠ ᠮᠠᠨ ᠤ | ᠠᠮᠢᠳᠤᠷᠠᠯ ᠳᠤ ᠮᠠᠰᠢ ᠶᠡᠭᠡ ᠬᠤᠪᠢᠷᠠᠯᠲᠠ ᠭᠠᠷᠭᠠᠵᠠᠢ᠃ ᠤᠳᠤ᠂ ᠤᠯᠤᠰ ᠠᠴᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠤᠯᠠᠮ ᠠᠴᠠ ᠤᠯᠠᠮ ᠴᠢᠬᠤᠯᠠᠴᠢᠯᠠᠵᠤ ᠪᠠᠶᠢᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠠᠷᠠᠳ ᠤᠯᠠᠨ ᠤ ᠰᠡᠳᠬᠢᠯ ᠳᠤ ᠨᠡᠩ ᠪᠠᠲᠤᠯᠠᠭ᠎ᠠ ᠲᠠᠢ ᠪᠣᠯᠵᠠᠢ᠃ ᠨᠠᠮ ᠤᠨ ᠤᠳᠤᠷᠢᠳᠤᠯᠭ᠎ᠠ ᠳᠣᠣᠷ᠎ᠠ᠂ ᠮᠠᠨ ᠤ | ᠠᠮᠢᠳᠤᠷᠠᠯ ᠤᠯᠠᠮ ᠰᠠᠶᠢᠨ ᠰᠠᠶᠢᠬᠠᠨ ᠪᠣᠯᠬᠤ ᠶᠢ ᠢᠲᠡᠭᠡᠵᠦ ᠪᠠᠶᠢᠨ᠎ᠠ︾ ᠭᠡᠵᠦ ᠤᠯᠠᠨ ᠢᠶᠠᠷ ᠢᠶᠠᠨ ᠨᠢᠭᠡ | ᠨᠢᠭᠡ ᠪᠠᠷ ᠢᠶᠠᠨ ᠶᠠᠷᠢᠵᠤ᠂ ᠨᠢᠭᠡ ᠲᠠᠯ᠎ᠠ ᠪᠠᠷ ᠨᠣᠮ ᠤᠩᠰᠢᠬᠤ ᠶᠢᠨ ᠳᠠᠭᠠᠤ ᠰᠠᠨᠠᠯ ᠢᠶᠠᠨ ᠰᠣᠯᠢᠯᠴᠠᠵᠤ᠂ ᠭᠠᠷ ᠲᠠᠭᠠᠨ | ᠲᠠᠰᠤᠷᠠᠯᠲᠠ ᠦᠭᠡᠢ ᠲᠡᠮᠳᠡᠭᠯᠡᠯ ᠬᠢᠵᠦ ᠪᠠᠶᠢᠯ᠎ᠠ᠃ | | | ᠨᠥᠬᠦᠷᠯᠡᠯ ᠨᠡᠶᠢᠭᠡᠮ ᠲᠣᠭᠤᠷᠢᠭ︽ᠤᠶᠤᠨ ᠴᠢᠳᠠᠯ ᠢᠶᠠᠨ ᠨᠢᠭᠲᠠᠷᠠᠭᠤᠯᠤᠨ ᠬᠦᠴᠦᠨ ᠢᠶᠠᠨ ᠬᠠᠮᠲᠤᠳᠬᠠᠵᠤ ᠰᠢᠨ᠎ᠡ | ᠡᠭᠦᠷᠭᠡ ᠬᠠᠷᠢᠭᠤᠴᠠᠯᠭ᠎ᠠ ᠪᠠᠨ ᠨᠢᠭᠲᠠᠷᠠᠭᠤᠯᠤᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ᠭᠡᠬᠦ ᠨᠠᠮ ᠤᠨ | ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠡᠢ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠪᠤᠴᠠ ᠳᠤ᠂ | ᠮᠠᠨ ᠤ ᠬᠤᠲᠠ ᠲᠠᠯ᠎ᠠ ᠨᠤᠲᠤᠭ ᠤᠨ ᠨᠣᠮ ᠤᠨ ᠥᠷᠥᠭᠡ ᠶᠢ ︽ᠰᠣᠶᠣᠯ ᠤᠨ ᠠᠮᠤ ᠪᠤᠳᠠᠭᠠᠨ ᠤ ᠬᠥᠮᠥᠷᠭᠡ︾ ᠠᠴᠠ | ︽ᠦᠵᠡᠯ ᠰᠠᠨᠠᠭᠠᠨ ᠤ ᠶᠣᠰᠣᠯᠠᠯ ᠤᠨ ᠲᠠᠩᠬᠢᠮ︾ ᠪᠣᠯᠭᠠᠨ ᠬᠤᠪᠢᠷᠠᠭᠤᠯᠵᠤ᠂ ᠲᠡᠳᠡᠨ ᠤ ᠣᠯᠠᠨ ᠲᠦᠮᠡᠨ ᠤ | ᠳᠡᠷᠭᠡᠳᠡᠬᠢ ᠣᠶᠤᠨ ᠰᠠᠨᠠᠭᠠᠨ ᠤ ᠭᠡᠷ ᠣᠷᠣᠨ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ | ᠲᠦᠷᠦ ᠶᠢᠨ ᠪᠣᠳᠣᠯᠭ᠎ᠠ ᠶᠢ ᠤᠯᠠᠮᠵᠢᠯᠠᠨ ᠤᠬᠠᠭᠤᠯᠬᠤ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠵᠣᠬᠢᠶᠠᠨ | ᠪᠠᠶᠢᠭᠤᠯᠤᠨ ᠰᠤᠷᠤᠯᠴᠠᠭᠤᠯᠬᠤ᠂ ᠠᠰᠠᠭᠤᠳᠠᠯ ᠢ ᠶᠠᠷᠢᠯᠴᠠᠬᠤ᠂ ᠣᠯᠣᠯᠲᠠ ᠲᠥᠷᠥᠭᠳᠡᠯ ᠢᠶᠠᠨ ᠰᠣᠯᠢᠯᠴᠠᠬᠤ ᠪᠠᠷ | ᠳᠠᠮᠵᠢᠭᠤᠯᠤᠨ᠂ ᠠᠳᠠᠯᠢ ᠪᠤᠰᠤ ᠬᠥᠮᠥᠰ ᠲᠤ ᠴᠢᠭᠯᠡᠭᠦᠯᠦᠨ᠂ ᠰᠤᠳᠤᠯᠤᠨ ᠶᠠᠷᠢᠯᠴᠠᠵᠤ ᠶᠠᠷᠢᠯᠴᠠᠬᠤ᠂ ᠤᠨᠤᠯ ᠢ | ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠨ ᠱᠠᠲᠤᠨ ᠤ ᠨᠡᠶᠢᠭᠡᠮ | ᠲᠣᠭᠤᠷᠢᠭ︵ᠭᠠᠴᠠᠭ᠎ᠠ ᠲᠣᠰᠬᠤᠨ︶ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ | ᠬᠠᠯᠠᠭᠤᠨ ᠥᠷᠨᠢᠯᠲᠡ ᠶᠢ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ | ᠬᠥᠮᠥᠨ ᠳᠤ ᠤᠯᠠᠮᠵᠢᠯᠠᠵᠤ᠂ ᠡᠷᠤᠭᠡ ᠳᠤ ᠬᠦᠷᠲᠡᠯ᠎ᠡ ᠤᠬᠠᠭᠤᠯᠬᠤ ᠬᠡᠷᠡᠭᠲᠡᠢ᠃ | | | | ᠲᠠᠯ᠎ᠠ ᠨᠤᠲᠤᠭ ᠤᠨ ᠨᠣᠮ ᠤᠨ ᠥᠷᠥᠭᠡ ᠪᠣᠯ ᠣᠯᠠᠨ ᠨᠡᠶᠢᠲᠡ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠴᠢᠬᠤᠯᠠ ᠢᠨᠵᠧᠨᠧᠷᠢᠩ ᠮᠥᠨ ᠣᠯᠠᠨ ᠲᠦᠮᠡᠨ ᠤ ᠠᠮᠢᠳᠤᠷᠠᠯ ᠢ ᠪᠠᠶᠠᠯᠢᠭᠵᠢᠭᠤᠯᠬᠤ ᠣᠶᠤᠨ ᠤ ᠠᠮᠤ ᠪᠤᠳᠠᠭᠠᠨ ᠤ | ᠬᠥᠮᠥᠷᠭᠡ ᠮᠥᠨ | ︽ᠲᠠᠯ᠎ᠠ ᠨᠤᠲᠤᠭ ᠤᠨ ᠨᠣᠮ ᠤᠨ ᠥᠷᠥᠭᠡ ᠪᠣᠯ ᠣᠯᠠᠨ ᠨᠡᠶᠢᠲᠡ ᠶᠢᠨ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠴᠢᠬᠤᠯᠠ ᠢᠨᠵᠧᠨᠧᠷᠢᠩ ᠮᠥᠨ᠂ ᠣᠯᠠᠨ ᠲᠦᠮᠡᠨ ᠤ ᠠᠮᠢᠳᠤᠷᠠᠯ ᠢ ᠪᠠᠶᠠᠯᠢᠭᠵᠢᠭᠤᠯᠬᠤ ᠣᠶᠤᠨ ᠤ ᠠᠮᠤ | ᠪᠤᠳᠠᠭᠠᠨ ᠤ ᠬᠥᠮᠥᠷᠭᠡ ᠮᠥᠨ︾᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠭᠦᠸᠧ ᠰᠢᠸ ᠳ᠋ᠦᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ | ᠤᠬᠠᠭᠤᠯᠭ᠎ᠠ ᠰᠣᠶᠣᠯ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠴᠢᠳᠠᠮᠵᠢ ᠶᠢ ᠭᠦᠢᠴᠡᠳ | ᠪᠠᠳᠠᠷᠠᠭᠤᠯᠬᠤ ᠶᠢᠨ ᠲᠥᠯᠥᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ | ᠬᠠᠯᠠᠭᠤᠨ ᠥᠷᠨᠢᠯᠲᠡ ᠭᠠᠷᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠲᠡᠭᠦᠰᠦᠭᠰᠡᠨ ᠤ ᠲᠠᠷᠠᠭ᠎ᠠ᠂ | ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠪᠦᠬᠦ ᠬᠤᠳᠠ ᠶᠢᠨ 23 ᠲᠠᠯ᠎ᠠ ᠨᠤᠲᠤᠭ ᠤᠨ | ᠨᠣᠮ ᠤᠨ ᠦᠷᠦᠭᠡ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠬᠠᠮᠢᠶ᠎ᠠ ᠪᠦᠬᠦᠢ | ᠰᠤᠷᠤᠯᠴᠠᠬᠤ ᠮᠠᠲ᠋ᠧᠷᠢᠶᠠᠯ ᠢ ᠴᠠᠭ ᠲᠤᠬᠠᠢ ᠳᠤᠨᠢ ᠨᠥᠬᠦᠪᠦᠷᠢᠯᠡᠵᠦ᠂ ᠵᠡᠭᠡᠯᠢ ᠲᠣᠭᠤᠷᠢᠭ ᠤᠨ ᠤᠯᠠᠨ ᠲᠦᠮᠡᠨ ᠪᠣᠯᠣᠨ | ᠮᠠᠯᠴᠢᠨ ᠲᠠᠷᠢᠶᠠᠴᠢᠨ ᠤ ᠲᠦᠷᠦ ᠶᠢᠨ ᠪᠣᠳᠣᠯᠭ᠎ᠠ ᠶᠢ ᠣᠶᠢᠯᠠᠭᠠᠬᠤ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ | ᠰᠤᠷᠤᠯᠴᠠᠬᠤ ᠬᠡᠷᠡᠭᠴᠡᠭᠡ ᠶᠢ ᠲᠤᠶᠢᠯ ᠤᠨ ᠶᠡᠭᠡ ᠪᠠᠷ ᠬᠠᠩᠭᠠᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ | ᠰᠣᠶᠣᠯ ᠤᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠤᠶᠤᠨ ᠤᠬᠠᠭᠠᠨ ᠬᠥᠳᠡᠯᠭᠡᠭᠦ ᠬᠦᠴᠦᠨ ᠨᠡᠮᠡᠷᠢᠯᠡᠵᠡᠢ᠃ | | | | ᠴᠤᠸᠠᠩ ᠶᠤᠸᠠᠨ ᠨᠡᠶᠢᠭᠡᠮ ᠲᠣᠭᠤᠷᠢᠭ ︽ᠲᠠᠯ᠎ᠠ ᠨᠤᠲᠤᠭ ᠤᠨ ᠨᠣᠮ ᠤᠨ ᠥᠷᠥᠭᠡᠨ ᠳᠤ ᠨᠠᠮ ᠤᠨ ᠬᠤᠷᠢᠳᠤᠭᠠᠷ | ᠶᠡᠭᠡ ᠬᠤᠷᠠᠯ ᠠᠴᠠ ᠰᠤᠷᠤᠯᠴᠠᠵᠦ ᠨᠣᠮ ᠤᠨ ᠦᠨᠦᠷ ᠠᠮᠲᠠᠲ᠋ᠠᠢ ᠰᠤᠷᠤᠯᠴᠠᠬᠤ ᠠᠶᠠᠨ ᠵᠠᠮ ᠢᠶᠠᠨ ᠡᠬᠢᠯᠡᠭᠦᠯᠦᠶ᠎ᠡ︾ | ᠭᠡᠬᠦ ᠭᠤᠣᠯ ᠰᠡᠳᠦᠪᠲᠦ ᠨᠣᠮ ᠤᠩᠰᠢᠬᠤ ᠬᠠᠮᠲᠤ ᠶᠢᠨ ᠬᠤᠷᠠᠯ ᠥᠷᠨᠢᠭᠦᠯᠪᠡ | ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠬᠤᠲᠠ ᠲᠠᠯ᠎ᠠ ᠨᠤᠲᠤᠭ ᠤᠨ ᠨᠣᠮ ᠤᠨ ᠥᠷᠥᠭᠡ 23 | ᠪᠠᠶᠢᠭᠤᠯᠵᠤ᠂ 5 ᠲᠦᠮᠡ ᠭᠠᠷᠤᠢ ᠳᠡᠪᠲᠡᠷ ᠨᠣᠮ ᠪᠢᠴᠢᠭ ᠲᠠᠢ ᠪᠠᠶᠢᠵᠤ᠂ ᠠᠭᠤᠯᠭ᠎ᠠ ᠨᠢ ᠠᠯᠳᠠᠷᠲᠤ ᠨᠣᠮ ᠰᠤᠳᠤᠷ᠂ | ᠲᠠᠷᠢᠶᠠᠯᠠᠩ ᠤᠨ ᠮᠡᠷᠭᠡᠵᠢᠯ᠂ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ ᠶᠢ ᠬᠠᠮᠤᠷᠤᠭᠰᠠᠨ ᠪᠥᠭᠡᠳ ᠲᠣᠭᠲᠠᠮᠠᠯ | ᠬᠤᠭᠤᠴᠠᠭ᠎ᠠ ᠲᠠᠢ ᠪᠠᠷ ᠨᠣᠮ ᠪᠢᠴᠢᠭ ᠢᠶᠠᠨ ᠰᠢᠨᠡᠳᠬᠡᠵᠦ᠂ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ ᠪᠠᠶᠢᠨ᠎ᠠ᠃ᠡᠭᠦᠨ ᠤ ᠬᠠᠮᠲᠤ᠂ ︽ᠨᠡᠮᠡᠬᠦ ᠦᠢᠯᠡᠳᠦᠯ︾ ᠤᠨ | ᠳᠠᠪᠬᠤᠴᠠᠬᠤ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠲᠠᠯ᠎ᠠ ᠨᠤᠲᠤᠭ ᠤᠨ ᠨᠣᠮ ᠤᠨ | ᠥᠷᠥᠭᠡ ᠶᠢᠨ ᠦᠢᠯᠡᠴᠢᠯᠡᠭᠡᠨ ᠤ ᠬᠡᠯᠪᠡᠷᠢ ᠶᠢ ᠥᠷᠭᠡᠳᠬᠡᠵᠦ᠂ ᠲᠠᠯ᠎ᠠ ᠨᠤᠲᠤᠭ ᠤᠨ ᠨᠣᠮ ᠤᠨ ᠦᠷᠦᠭᠡ ᠪᠠᠷ | ᠠᠴᠢᠶᠠᠯᠠᠪᠤᠷᠢ ᠪᠣᠯᠭᠠᠵᠤ᠂ ᠤᠯᠠᠨ ᠶᠠᠩᠵᠤ ᠶᠢᠨ ᠬᠡᠯᠪᠡᠷᠢ ᠲᠠᠢ᠂ ᠠᠭᠤᠰᠤᠯᠴᠠᠨ ᠦᠢᠯᠡᠳᠦᠯᠴᠡᠭᠰᠡᠨ ᠤᠩᠰᠢᠯᠭ᠎ᠠ ᠶᠢᠨ | ᠵᠠᠭᠪᠤᠷ ᠢᠶᠠᠷ᠂︽ᠨᠣᠮ ᠤᠨ ᠦᠷᠦᠭᠡ+ ᠤᠬᠠᠭᠤᠯᠤᠨ ᠲᠠᠶᠢᠯᠪᠤᠷᠢᠯᠠᠬᠤ︾᠂︽ᠰᠤᠷᠤᠯᠴᠠᠯᠭ᠎ᠠ + ᠬᠤᠪᠢᠶᠠᠨ ᠡᠳ᠋ᠯᠡᠬᠦ︾᠂ | ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢ ᠦᠷᠭᠦᠯᠵᠢᠯᠡᠨ | ᠠᠬᠢᠭᠤᠯᠵᠤ᠂ ︽ᠲᠠᠯ᠎ᠠ ᠨᠤᠲᠤᠭ ᠤᠨ ᠨᠣᠮ ᠤᠨ ᠦᠷᠦᠭᠡ︾ ᠶᠢ ᠨᠠᠮ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ | ᠤᠬᠠᠭᠤᠯᠬᠤ᠂ ᠰᠢᠨᠵᠢᠯᠡᠬᠦ ᠤᠬᠠᠭᠠᠨ ᠰᠣᠶᠣᠯ ᠢ ᠤᠯᠠᠮᠵᠢᠯᠠᠬᠤ ︽ᠲᠣᠮᠣ ᠬᠢᠴᠢᠶᠡᠯ ᠤᠨ ᠲᠠᠩᠬᠢᠮ︾᠂ ᠨᠠᠮ ᠤᠨ ᠭᠡᠰᠢᠭᠦᠨ᠂ | ᠤᠯᠠᠨ ᠲᠦᠮᠡᠨ ᠤ ᠰᠤᠷᠤᠯᠴᠠᠵᠤ ᠦᠰᠦᠨ ᠪᠣᠶᠢᠵᠢᠬᠤ ᠬᠤᠪᠢᠰᠬᠠᠯ ᠤᠨ ︽ᠲᠣᠰᠣ ᠨᠡᠮᠡᠬᠦ ᠦᠷᠳᠡᠭᠡ︾ ᠪᠣᠯᠭᠠᠬᠤ | ᠬᠡᠷᠡᠭᠲᠡᠢ᠃ | | | |