︽ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ︵ᠥᠪᠥᠷ | ᠵᠠᠰᠠᠭ ᠠᠯᠪᠠᠨ ᠲᠠᠷᠬᠠᠭᠠᠭᠰᠠᠨ ᠴᠠᠬᠢᠯᠭᠠᠨ ﹇2018﹈ 18 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ︾ ︵ | ᠥᠪᠥᠷ ᠬᠥᠮᠥᠨ ᠤ ᠬᠦᠴᠦᠨ ᠠᠯᠪᠠᠨ ᠲᠠᠷᠬᠠᠭᠠᠭᠰᠠᠨ ﹇2020﹈ 58 ᠳ᠋ᠤᠭᠠᠷ ᠲᠣᠭᠠᠲᠤ︶᠂ ︽ᠲᠦᠩᠯᠢᠶᠣᠣ | ᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠵᠤ ᠠᠵᠢᠯ ᠰᠢᠯᠵᠢᠭᠰᠡᠨ ᠰᠠᠶᠢᠨ ᠳᠤᠷ᠎ᠠ ᠶᠢᠨ | ᠴᠡᠷᠢᠭ ︵ᠪᠠᠭ᠎ᠠ ᠣᠹᠢᠼᠧᠷ︶ ᠵᠡᠷᠭᠡ ᠬᠡᠰᠡᠭ ᠴᠡᠷᠢᠭ ᠠᠩᠭᠢ ᠶᠢᠨ ᠴᠡᠷᠢᠭ ᠠᠴᠠ ᠬᠠᠯᠠᠭᠳᠠᠭᠰᠠᠳ ᠤᠨ ᠬᠤᠯᠪᠣᠭᠳᠠᠯ | ᠪᠦᠬᠦᠢ ᠠᠰᠠᠭᠤᠳᠠᠯ ᠢ ᠰᠢᠢᠳᠪᠦᠷᠢᠯᠡᠬᠦ ᠠᠵᠢᠯ ᠤᠨ ᠲᠥᠰᠥᠯ︾ ︵ᠴᠢᠮᠡᠭᠡ ᠬᠤᠯᠪᠣᠭ᠎ᠠ ᠬᠠᠮᠲᠤᠷᠠᠨ ᠠᠯᠪᠠᠨ | ᠲᠠᠷᠬᠠᠭᠠᠭᠰᠠᠨ ﹇2017﹈ 29 ᠳ᠋ᠦᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠮᠠᠨ ᠤ | ᠬᠤᠲᠠ ᠶᠢᠨ ᠲᠥᠪᠬᠢᠨᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠭᠰᠡᠨ ᠤ ᠳᠠᠷᠠᠭ᠎ᠠ ᠠᠵᠢᠯ ᠤᠨ ᠪᠠᠶᠢᠷᠢ | ᠠᠴᠠ ᠪᠠᠨ ᠪᠠᠭᠤᠵᠤ ᠠᠵᠢᠯ ᠠᠯᠳᠠᠭᠰᠠᠨ ᠮᠥᠷᠲᠡᠭᠡᠨ ᠠᠵᠢᠯ ᠣᠯᠬᠤ ᠳᠤ ᠬᠦᠴᠢᠷᠲᠡᠢ ᠴᠡᠷᠢᠭ ᠠᠴᠠ | ᠬᠠᠯᠠᠭᠳᠠᠭᠰᠠᠳ ᠲᠤ ᠳᠠᠬᠢᠨ ᠠᠵᠢᠯ ᠣᠯᠭᠤᠬᠤ ᠶᠢ ᠪᠡᠶᠡᠯᠡᠭᠦᠯᠬᠦ ᠶᠢᠨ ᠲᠤᠰᠠᠳᠠ᠂ ᠮᠠᠨ ᠤ ᠬᠤᠲᠠ ᠶᠢᠨ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠠᠴᠠ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠢ | ᠵᠣᠬᠢᠶᠠᠨ ᠪᠠᠶᠢᠭᠤᠯᠵᠤ ᠢᠳᠡᠪᠬᠢᠲᠡᠢ ᠪᠥᠭᠡᠳ ᠢᠳᠡᠪᠬᠢᠲᠡᠢ ᠪᠠᠷ ᠨᠡᠷ᠎ᠡ ᠮᠡᠳᠡᠭᠦᠯᠬᠦ ᠶᠢ ᠬᠦᠰᠡᠵᠦ ᠪᠠᠶᠢᠨ᠎ᠠ᠃ | ᠨᠢᠭᠡ᠂ ᠦᠨᠳᠦᠰᠦᠨ ᠵᠠᠷᠴᠢᠮ | ︵ᠨᠢᠭᠡ︶ ᠰᠠᠶᠢᠨ ᠳᠤᠷ᠎ᠠ ᠠᠴᠠ ᠪᠠᠨ ᠮᠡᠳᠡᠭᠦᠯᠬᠦ᠃ᠲᠣᠰ ᠤᠳᠠᠭ᠎ᠠ ᠶᠢᠨ ᠴᠡᠷᠢᠭ ᠠᠴᠠ ᠬᠠᠯᠠᠭᠳᠠᠭᠰᠠᠳ ᠤᠨ ᠲᠤᠰᠬᠠᠢ | ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠰᠠᠶᠢᠨ ᠳᠤᠷ᠎ᠠ ᠶᠢᠨ ᠵᠠᠷᠴᠢᠮ ᠢ | ᠪᠠᠷᠢᠮᠲᠠᠯᠠᠨ᠂ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠠᠯᠪᠠᠨ ᠵᠠᠷ ᠤᠨ | ᠬᠤᠭᠤᠴᠠᠭᠠᠨ ᠳᠤ ᠰᠠᠶᠢᠨ ᠳᠤᠷ᠎ᠠ ᠠᠴᠠ ᠪᠠᠨ ᠮᠡᠳᠡᠭᠦᠯᠬᠦ ᠬᠡᠷᠡᠭᠲᠡᠢ᠃ | ︵ᠬᠤᠶᠠᠷ︶ ᠢᠯᠡ ᠪᠥᠭᠡᠳ ᠭᠤᠥᠯᠴᠢ ᠪᠠᠶᠢᠬᠤ ᠬᠡᠷᠡᠭᠲᠡᠢ᠃ᠢᠯᠡ ᠪᠥᠭᠡᠳ ᠭᠤᠣᠯᠴᠢ ᠪᠠᠶᠢᠬᠤ ᠶᠢ ᠪᠠᠲᠤᠯᠠᠬᠤ ᠶᠢᠨ | ᠲᠥᠯᠥᠭᠡ᠂ ᠴᠡᠷᠢᠭ ᠠᠴᠠ ᠬᠠᠯᠠᠭᠳᠠᠭᠰᠠᠳ ᠤᠨ ᠲᠤᠰᠬᠠᠢ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠷ᠎ᠡ | ᠳ᠋ᠦᠩ ᠢ ᠨᠢ ᠨᠡᠶᠢᠭᠡᠮ ᠳᠤ ᠨᠡᠶᠢᠲᠡᠯᠡᠨ᠎ᠡ᠃ | ᠬᠤᠶᠠᠷ᠂ ᠮᠡᠳᠡᠭᠦᠯᠦᠭᠴᠢ ᠶᠢᠨ ᠬᠡᠪᠴᠢᠶ᠎ᠡ ᠵᠢᠴᠢ ᠮᠡᠳᠡᠭᠦᠯᠬᠦ ᠨᠥᠬᠦᠴᠡᠯ | ︵ᠨᠢᠭᠡ︶ ᠮᠡᠳᠡᠭᠦᠯᠦᠭᠴᠢ ᠶᠢᠨ ᠬᠡᠪᠴᠢᠶ᠎ᠡ | 1. ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠲᠥᠪᠬᠢᠨᠡᠭᠦᠯᠬᠦ ᠨᠥᠬᠦᠴᠡᠯ ᠳᠤ ᠨᠡᠶᠢᠴᠡᠭᠰᠡᠨ᠂ ᠬᠤᠪᠢ | ᠬᠥᠮᠥᠨ ᠤ ᠰᠢᠯᠲᠠᠭᠠᠨ ᠠᠴᠠ ᠪᠣᠯᠵᠤ ᠲᠥᠪᠬᠢᠨᠡᠭᠦᠯᠬᠦ ᠰᠠᠯᠠᠭ᠎ᠠ ᠮᠥᠴᠢᠷ ᠲᠤ ᠴᠠᠭ ᠲᠠᠭᠠᠨ ᠣᠴᠢᠭᠰᠠᠨ ᠦᠭᠡᠢ | ᠪᠤᠶᠤ ᠭᠥᠯᠢᠶᠡᠨ ᠠᠪᠤᠭᠰᠠᠨ ᠨᠢᠭᠡᠴᠡ ᠳᠤ ᠴᠠᠭ ᠲᠠᠭᠠᠨ ᠬᠦᠷᠴᠦ ᠨᠡᠷ᠎ᠡ ᠮᠡᠳᠡᠭᠦᠯᠦᠭᠰᠡᠨ ᠦᠭᠡᠢ᠂ ᠲᠣᠰ ᠬᠥᠮᠥᠨ ᠨᠢ | ᠠᠵᠢᠯ ᠣᠯᠬᠤ ᠬᠦᠰᠡᠯ ᠲᠠᠢ ᠮᠥᠷᠲᠡᠭᠡᠨ ᠠᠵᠢᠯ ᠣᠯᠬᠤ ᠳᠤ ᠬᠦᠴᠢᠷᠲᠡᠢ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ | ᠃ | 2. ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠲᠥᠪᠬᠢᠨᠡᠭᠦᠯᠬᠦ ᠰᠠᠯᠠᠭ᠎ᠠ ᠮᠥᠴᠢᠷ ᠠᠴᠠ ᠠᠵᠢᠯ | ᠲᠣᠬᠢᠷᠠᠭᠤᠯᠤᠭᠰᠠᠨ ᠤ ᠳᠠᠷᠠᠭ᠎ᠠ ᠬᠤᠪᠢ ᠬᠥᠮᠥᠨ ᠤ ᠪᠤᠰᠤ ᠰᠢᠯᠲᠠᠭᠠᠨ ᠢᠶᠠᠷ ᠠᠵᠢᠯ ᠤᠨ ᠪᠠᠶᠢᠷᠢ ᠠᠴᠠ ᠪᠠᠨ | ᠪᠠᠭᠤᠭᠰᠠᠨ᠂ ᠠᠵᠢᠯ ᠠᠯᠳᠠᠭᠰᠠᠨ ᠪᠥᠭᠡᠳ ᠠᠵᠢᠯ ᠣᠯᠬᠤ ᠳᠤ ᠬᠦᠴᠢᠷᠲᠡᠢ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢ᠃ | ︵ᠬᠤᠶᠠᠷ︶ ᠮᠡᠳᠡᠭᠦᠯᠬᠦ ᠨᠥᠬᠦᠴᠡᠯ ︵ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ | ᠨᠥᠬᠦᠴᠡᠯ︶ | ᠮᠡᠳᠡᠭᠦᠯᠦᠭᠰᠡᠳ ᠤᠨ ᠬᠡᠪᠴᠢᠶᠡᠨ ᠳᠤ ᠬᠠᠷᠢᠶᠠᠯᠠᠭᠳᠠᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ | ᠡᠷᠬᠡᠪᠰᠢ ᠮᠡᠳᠡᠭᠦᠯᠬᠦ ᠨᠥᠬᠦᠴᠡᠯ ᠤᠨ ᠨᠢᠭᠡ ᠳᠤᠨᠢ ᠵᠡᠷᠭᠡ ᠳᠤᠨᠢ ᠨᠡᠶᠢᠴᠡᠭᠰᠡᠨ ᠪᠠᠶᠢᠪᠠᠯ᠂ ᠴᠡᠷᠢᠭ ᠤᠨ ᠠᠯᠪᠠᠨ ᠠᠴᠠ | ᠪᠠᠭᠤᠭᠰᠠᠳ ᠤᠨ ᠲᠤᠰᠬᠠᠢ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠮᠡᠳᠡᠭᠦᠯᠵᠦ | ᠪᠣᠯᠣᠨ᠎ᠠ᠂ ᠪᠣᠳᠠᠲᠠᠢ ᠮᠡᠳᠡᠭᠦᠯᠬᠦ ᠨᠥᠬᠦᠴᠡᠯ ᠨᠢ ᠳᠣᠣᠷᠠᠬᠢ ᠮᠡᠲᠦ᠄ | 1᠂ ᠨᠠᠰᠤ ᠠᠬᠢᠭᠰᠠᠨ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠠᠭᠠᠨ ᠵᠠᠯᠭᠠᠭ᠎ᠠ ᠪᠠᠷ 6 ᠰᠠᠷ᠎ᠠ ᠠᠴᠠ | ᠳᠡᠭᠡᠭᠰᠢ ᠰᠠᠭᠤᠭᠰᠠᠨ ᠪᠥᠭᠡᠳ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ | ᠣᠷᠣᠯᠴᠠᠭᠠᠳ 1 ᠵᠢᠯ ᠠᠴᠠ ᠳᠡᠭᠡᠭᠰᠢ ᠪᠣᠯᠤᠭᠰᠠᠨ ᠡᠮᠡᠭᠲᠡᠢ ᠪᠦᠬᠦᠯᠢ 40 ᠨᠠᠰᠤ ᠬᠦᠷᠦᠭᠰᠡᠨ᠂ ᠡᠷᠡᠭᠲᠡᠢ ᠪᠦᠬᠦᠯᠢ | 50 ᠨᠠᠰᠤ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠠᠵᠢᠯ ᠠᠯᠳᠠᠭᠰᠠᠳ ᠢ ᠵᠢᠭᠠᠵᠤ ᠪᠣᠶ᠃ | 2᠂ ᠵᠡᠮᠳᠡᠭᠴᠦᠳ᠃︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ | ᠵᠡᠮᠳᠡᠭᠴᠦᠳ ᠢ ᠵᠢᠭᠠᠵᠤ ᠪᠤᠶ᠃ | 3᠂ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠪᠦᠷᠢᠯᠳᠦᠭᠦᠨ᠃ᠠᠳᠠᠯᠢ ᠨᠢᠭᠡᠨ ᠭᠡᠷ ᠪᠦᠯᠢ ᠶᠢᠨ ᠡᠷᠦᠬᠡ | ᠠᠮᠠ ᠶᠢᠨ ᠲᠠᠩᠰᠠᠨ ᠳᠤ 2 ᠪᠤᠶᠤ 2 ᠠᠴᠠ ᠳᠡᠭᠡᠭᠰᠢ ᠬᠠᠮᠲᠤ ᠠᠮᠢᠳᠤᠷᠠᠵᠤ ᠪᠠᠶᠢᠭ᠎ᠠ ᠪᠦᠷᠢᠯᠳᠦᠭᠦᠨ ᠲᠠᠢ ᠪᠥᠭᠡᠳ | ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ | ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠭᠦᠨ ᠨᠢ ᠴᠥᠮ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ | ᠮᠥᠷᠲᠡᠭᠡᠨ ᠡᠵᠡᠩᠨᠡᠯᠲᠡ ᠶᠢᠨ ᠴᠢᠨᠠᠷᠲᠠᠢ᠂ ᠪᠡᠯᠡ ᠣᠷᠣᠭᠤᠯᠤᠯᠲᠠ ᠶᠢᠨ ᠴᠢᠨᠠᠷᠲᠠᠢ ᠣᠷᠣᠯᠭ᠎ᠠ ᠦᠭᠡᠢ ᠬᠤᠲᠠ | ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠥᠰ ᠢ ᠵᠢᠭᠠᠵᠤ ᠪᠣᠶ᠃ | 4᠂ ᠤᠷᠳᠤ ᠬᠤᠭᠤᠴᠠᠭ᠎ᠠ ᠪᠠᠷ ᠠᠵᠢᠯ ᠠᠯᠳᠠᠭᠰᠠᠳ᠃ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠬᠠᠷᠠᠭᠠᠯᠵᠠᠯ ᠢ ᠬᠦᠷᠲᠡᠵᠦ ᠪᠠᠶᠢᠭ᠎ᠠ ᠮᠥᠷᠲᠡᠭᠡᠨ ᠵᠠᠯᠭᠠᠭ᠎ᠠ ᠪᠠᠷ 1 ᠵᠢᠯ ᠠᠴᠠ ᠳᠡᠭᠡᠭᠰᠢ ᠠᠵᠢᠯ ᠠᠯᠳᠠᠭᠰᠠᠨ ᠢᠶᠠᠷ | ᠳᠠᠩᠰᠠᠯᠠᠭᠤᠯᠤᠭᠠᠳ ᠪᠦᠬᠦᠯᠢ 35 ᠨᠠᠰᠤ ᠬᠦᠷᠦᠭᠰᠡᠨ ᠡᠮᠡᠭᠲᠡᠢ᠂ ᠪᠦᠬᠦᠯᠢ 45 ᠨᠠᠰᠤ ᠬᠦᠷᠦᠭᠰᠡᠨ ᠡᠷᠡᠭᠲᠡᠢ ᠠᠵᠢᠯ | ᠠᠯᠳᠠᠭᠰᠠᠳ ᠢ ᠵᠢᠭᠠᠵᠤ ᠪᠣᠶ︔ | ︵ᠭᠤᠷᠪᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠮᠡᠳᠡᠭᠦᠯᠬᠦ ᠬᠡᠪᠴᠢᠶᠡᠨ ᠳᠤ ᠣᠷᠣᠭᠤᠯᠬᠤ ᠦᠭᠡᠢ | 1᠂ ᠵᠢᠩᠬᠢᠨᠢ ᠠᠯᠪᠠᠨ ᠠᠴᠠ ᠪᠠᠭᠤᠵᠤ ᠣᠷᠣᠨ ᠨᠤᠲᠤᠭ ᠲᠤ ᠣᠴᠢᠵᠤ ᠠᠵᠢᠯᠯᠠᠭᠰᠠᠨ ᠤ ᠲᠠᠷᠠᠭ᠎ᠠ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃ | 2᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠨ ᠪᠤᠶᠤ ᠦᠨᠳᠦᠰᠦᠨ ᠨᠠᠰᠤᠵᠢᠯ ᠤᠨ | ᠳᠠᠭᠠᠳᠬᠠᠯ ᠤᠨ ᠬᠠᠷᠠᠭᠠᠯᠵᠠᠯ ᠢ ᠨᠢᠭᠡᠨᠲᠡ ᠡᠳ᠋ᠯᠡᠭᠰᠡᠨ᠃ | 3᠂ ᠪᠡᠶ᠎ᠡ ᠮᠠᠬᠠᠪᠤᠳ ᠵᠡᠷᠭᠡ ᠰᠢᠯᠲᠠᠭᠠᠨ ᠠᠴᠠ ᠪᠣᠯᠵᠤ ᠲᠥᠪᠬᠢᠨᠡᠭᠦᠯᠬᠦ ᠳᠤ ᠲᠣᠬᠢᠷᠠᠮᠵᠢ ᠦᠭᠡᠢ ᠪᠠᠶᠢᠬᠤ᠃ | ᠨᠡᠷ᠎ᠡ ᠮᠡᠳᠡᠭᠦᠯᠬᠦ ᠬᠠᠶ᠋ᠢᠭ᠄ ᠾᠧ ᠳ᠋ᠦᠩ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠶᠡᠷᠦᠩᠬᠡᠶᠢᠯᠡᠭᠰᠡᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ ᠶᠢᠨ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠲᠥᠪ | ᠨᠡᠷ᠎ᠡ ᠮᠡᠳᠡᠭᠦᠯᠬᠦ ᠴᠠᠭ᠄ 2022 ᠣᠨ ᠤ 3 ᠰᠠᠷ᠎ᠠ ᠶᠢᠨ 15 ᠤ ᠡᠳᠦᠷ ᠪᠣᠯᠲᠠᠯ᠎ᠠ | ᠬᠠᠷᠢᠯᠴᠠᠬᠤ ᠤᠲᠠᠰᠤ᠄ 0475 ︱ 7961909 | ᠬᠤᠤᠯᠢᠩᠭᠤᠤᠯ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | 2022 ᠣᠨ ᠤ 3 ᠰᠠᠷ᠎ᠠ ᠶᠢᠨ 8 ᠤ ᠡᠳᠦᠷ |