ᠬᠤᠤᠯᠢᠩᠭᠤᠤᠯ ᠬᠤᠲᠠ 2022 ᠣᠨ ᠤ 3 ᠰᠠᠷ᠎ᠠ ᠶᠢᠨ 15 ᠤ ᠡᠳᠦᠷ ᠠᠴᠠ ᠡᠬᠢᠯᠡᠨ ᠬᠠᠪᠤᠷ ᠤᠨ | ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠵᠤ᠂ 4 ᠰᠠᠷ᠎ᠠ ᠶᠢᠨ | 1 ᠤ ᠡᠳᠦᠷ ᠠᠴᠠ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠣᠷᠣᠬᠤ ᠪᠣᠯᠣᠨ᠎ᠠ᠃ᠭᠠᠯ | ᠰᠡᠷᠭᠡᠶᠢᠯᠡᠬᠦ ᠬᠤᠭᠤᠴᠠᠭᠠᠨ ᠳᠤ᠂ ᠮᠠᠯᠵᠢᠬᠤ ᠣᠷᠣᠨ ᠳᠤ ᠣᠴᠢᠭᠰᠠᠨ ᠬᠥᠮᠥᠰ ᠣᠶ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠨ ᠰᠠᠬᠢᠵᠤ᠂ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃ | ᠦᠢᠯᠡᠳᠪᠦᠷᠢᠯᠡᠯ᠂ ᠠᠮᠢᠳᠤᠷᠠᠯ ᠤᠨ ᠣᠨᠴᠣᠭᠤᠢ ᠪᠠᠶᠢᠳᠠᠯ ᠠᠴᠠ ᠪᠣᠯᠣᠭᠠᠳ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠨᠡᠨᠬᠦ | ᠴᠢᠬᠤᠯᠠ ᠲᠠᠢ ᠪᠣᠯ ᠡᠷᠬᠡᠪᠰᠢ ᠬᠤᠤᠯᠢᠩᠭᠤᠤᠯ ᠬᠤᠳᠠ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠵᠢᠯᠤᠭᠤᠳᠬᠤ ᠭᠠᠵᠠᠷ ᠬᠦᠷᠴᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ | ᠭᠦᠢᠴᠡᠳᠬᠡᠬᠦ ᠬᠡᠷᠡᠭᠲᠡᠢ᠃ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠤᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠳᠤ ᠬᠡᠭᠡᠷ᠎ᠡ ᠭᠠᠳᠠᠨ᠎ᠠ | ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠮᠡᠳᠡᠭᠡᠯᠡᠬᠦ ᠤᠲᠠᠰᠤ᠄ 12119 | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠵᠢᠵᠢᠭᠦᠷᠯᠡᠬᠦ | ᠤᠲᠠᠰᠤ᠄ 7929667 | ᠬᠤᠤᠯᠢᠩᠭᠤᠤᠯ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ | ᠵᠢᠯᠤᠭᠤᠳᠬᠤ ᠭᠠᠵᠠᠷ | ᠬᠤᠤᠯᠢᠩᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | 2022 ᠣᠨ ᠤ 3 ᠰᠠᠷ᠎ᠠ ᠶᠢᠨ 11 | |