ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠬᠡᠭᠡᠷ᠎ᠡ ᠭᠠᠳᠠᠨ᠎ᠠ ᠬᠠᠤᠯᠢ ᠪᠤᠰᠤ ᠪᠠᠷ ᠭᠠᠯ ᠬᠡᠷᠡᠭᠯᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/3/15
    ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠬᠦ ᠪᠠ ᠬᠤᠷᠢᠭᠯᠠᠬᠤ ᠶᠢᠨ ᠲᠥᠯᠥᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠬᠡᠭᠡᠷ᠎ᠡ ᠭᠠᠳᠠᠨ᠎ᠠ ᠬᠠᠤᠯᠢ  ᠶᠢ ᠵᠥᠷᠢᠴᠡᠨ ᠭᠠᠯ ᠬᠡᠷᠡᠭᠯᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠳᠣᠣᠷᠠᠬᠢ ᠮᠡᠲᠦ ᠵᠠᠷᠯᠠᠶ᠎ᠠ᠄ᠨᠢᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ ᠳᠣᠣᠷᠠᠬᠢ ᠮᠡᠲᠦ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠪᠠ ᠬᠡᠭᠡᠷ᠎ᠡ ᠲᠠᠯ᠎ᠠ ᠶᠢᠨ ᠬᠠᠤᠯᠢ ᠪᠤᠰᠤ ᠪᠠᠷ ᠭᠠᠯ ᠬᠡᠷᠡᠭᠯᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠭᠦᠨ᠎ᠡ᠄︵ᠨᠢᠭᠡ︶ ᠵᠣᠷᠢᠭᠤᠳᠠ ᠭᠠᠯ ᠲᠠᠯᠪᠢᠵᠤ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ;︵ᠬᠤᠶᠠᠷ︶ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠲᠠᠷᠢᠶᠠᠨ ᠳᠠᠯᠠᠩ ᠰᠢᠲᠠᠭᠠᠬᠤ᠂ ᠪᠤᠵᠠᠷ ᠡᠪᠡᠰᠦ ᠰᠢᠲᠠᠭᠠᠬᠤ᠂ ᠡᠰᠢ ᠰᠦᠷᠡᠯ ᠰᠢᠲᠠᠭᠠᠬᠤ᠂ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠬᠠᠭᠠᠯᠪᠤᠷᠢᠯᠠᠵᠤ ᠠᠲᠠᠷ ᠬᠠᠭᠠᠯᠪᠤᠷᠢᠯᠠᠬᠤ ᠵᠡᠷᠭᠡ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠨ᠎ᠡ︔︵ᠭᠤᠷᠪᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠲᠠᠮᠠᠬᠢ ᠲᠠᠲᠠᠬᠤ᠂ ᠪᠤᠯᠠᠰᠢᠨ ᠳᠤ ᠭᠠᠷᠴᠤ ᠴᠠᠭᠠᠰᠤ ᠰᠢᠲᠠᠭᠠᠬᠤ᠂ ᠫᠤᠤᠵᠢᠩ ᠲᠠᠯᠪᠢᠬᠤ᠂ ᠨᠦᠬᠡᠨ ᠳ᠋ᠧᠩ ᠠᠰᠠᠭᠠᠬᠤ᠂ ᠬᠤᠭ ᠨᠣᠪᠰᠢ ᠰᠢᠲᠠᠭᠠᠬᠤ᠂ ᠭᠠᠯ ᠰᠢᠲᠠᠭᠠᠬᠤ᠂ ᠬᠡᠭᠡᠷ᠎ᠡ ᠬᠤᠭᠤᠯᠠᠯᠠᠬᠤ ᠵᠡᠷᠭᠡ ᠦᠶᠯᠡ ᠠᠵᠢᠯᠯᠠᠭ᠎ᠠ︔︵ᠳᠥᠷᠪᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷ᠎ᠠ᠂ ᠭᠠᠯ ᠤᠨ ᠠᠶᠤᠯ ᠶᠡᠬᠡᠲᠡᠢ ᠬᠤᠭᠤᠴᠠᠭᠠᠨ ᠳᠤ ︵4 ᠳ᠋ᠦᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶ ᠵᠥᠪᠰᠢᠶᠡᠷᠡᠯ ᠣᠯᠣᠭᠰᠠᠨ ᠦᠭᠡᠢ ᠪᠠᠷ ᠭᠠᠯ ᠤᠨ ᠠᠶᠤᠯ ᠶᠡᠬᠡᠲᠡᠢ ᠣᠷᠣᠨ ᠳᠤ ᠳᠤᠷ᠎ᠠ ᠪᠠᠷ ᠢᠶᠠᠨ ᠣᠷᠣᠭᠰᠠᠨ ᠦᠶᠯᠡ ᠠᠵᠢᠯᠯᠠᠭ᠎ᠠ︔(ᠲᠠᠪᠤ) ᠲᠡᠮᠦᠷ ᠵᠡᠮ᠂ ᠵᠠᠰᠠᠮᠠᠯ ᠵᠡᠮ᠂ ᠴᠠᠬᠢᠯᠭᠠᠨ ᠬᠦᠴᠦ᠂ ᠴᠢᠯᠠᠭᠤᠨ ᠲᠣᠰᠣ᠂ ᠰᠢᠲᠠᠮᠠᠬᠠᠢ ᠬᠡᠢ᠂ ᠬᠢᠮᠢ ᠶᠢᠨ ᠠᠵᠤ ᠦᠢᠯᠡᠳᠪᠦᠷᠢ ᠶᠢᠨ ᠬᠤᠭᠤᠯᠠᠢ ᠶᠢᠨ ᠬᠠᠮᠢᠶᠠᠷᠤᠯᠲᠠ ᠶᠢᠨ ᠨᠢᠭᠡᠴᠢ ᠪᠣᠯᠣᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠳ ᠬᠡᠭᠡᠷ᠎ᠡ ᠭᠠᠳᠠᠨ᠎ᠠ ᠠᠵᠢᠯᠯᠠᠬᠤ ᠳᠠᠭᠠᠨ ᠭᠠᠯ ᠤᠨ ᠠᠶᠤᠯ ᠠᠮᠠᠷᠬᠠᠨ ᠡᠭᠦᠰᠳᠡᠭ ᠭᠠᠵᠠᠷ ᠪᠠ ᠣᠷᠣᠨ ᠪᠦᠰᠡ ᠳᠤ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠪᠠ ᠭᠠᠯ ᠰᠡᠷᠭᠡᠶᠢᠯᠡᠬᠦ ᠰᠡᠷᠡᠮᠵᠢ ᠶᠢᠨ ᠲᠡᠮᠳᠡᠭ ᠲᠠᠯᠪᠢᠭᠰᠠᠨ ᠤᠶᠢᠭᠡᠢ ᠤᠢᠢᠯᠠ ᠠᠵᠢᠯᠯᠠᠭ᠎ᠠ;︵ᠵᠢᠷᠭᠤᠭ᠎ᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠢ᠂ ᠡᠰᠡᠬᠦᠯ᠎ᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠣᠯᠣᠭᠰᠠᠨ ᠬᠤᠭᠤᠴᠠᠭ᠎ᠠ ᠬᠡᠲᠦᠷᠡᠲᠡᠯ᠎ᠡ ᠭᠠᠯ ᠤᠨ ᠭᠠᠮᠰᠢᠭ ᠤᠨ ᠳᠠᠯᠳᠠ ᠬᠡᠮ ᠢ ᠥᠯᠥ ᠠᠷᠢᠯᠭᠠᠬᠤ ᠦᠶᠯᠡ ᠠᠵᠢᠯᠯᠠᠭ᠎ᠠ︔︵ᠲᠤᠯᠤᠭ᠎ᠠ︶ ᠬᠠᠤᠯᠢ ᠪᠤᠰᠤ ᠪᠠᠷ ᠭᠠᠯ ᠤᠨ ᠦᠷ᠎ᠡ ᠶᠢ ᠠᠪᠴᠤ ᠠᠭᠤᠯᠠᠨ ᠰᠢᠭᠤᠢ ᠳᠤ ᠣᠷᠣᠭᠰᠠᠨ ᠦᠢᠯᠡ ᠠᠵᠢᠯᠯᠠᠭ᠎ᠠ᠃ᠬᠤᠶᠠᠷ᠂ ᠳᠡᠭᠡᠷ᠎ᠡ ᠳᠤᠷᠠᠳᠤᠭᠰᠠᠨ ᠲᠣᠭᠲᠠᠭᠠᠯ   ᠠᠴᠠ ᠵᠥᠷᠢᠴᠡᠪᠡᠯ᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠰᠢᠭᠤᠶᠢᠲᠤ ᠣᠷᠣᠨ ᠤ ᠬᠡᠭᠡᠷ᠎ᠡ ᠭᠠᠳᠠᠨ᠎ᠠ ᠬᠠᠤᠯᠢ ᠪᠤᠰᠤ ᠪᠠᠷ ᠭᠠᠯ ᠬᠡᠷᠡᠭᠯᠡᠭᠡᠳ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠵᠤ᠂ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠥᠭᠭᠦᠨ᠎ᠡ᠃ᠭᠤᠷᠪᠠ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ 2022 ᠣᠨ ᠤ 6 ᠰᠠᠷ᠎ᠠ ᠶᠢᠨ 15 ᠤ ᠡᠳᠦᠷ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠬᠦᠴᠦᠨ ᠲᠠᠢ ᠪᠣᠯᠣᠨ᠎ᠠ᠃        ᠲᠦᠩᠯᠢᠶᠣᠣ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ        ᠲᠦᠩᠯᠢᠶᠣᠣ ᠬᠤᠲᠠ ᠶᠢᠨ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                     2022 ᠣᠨ ᠤ 3 ᠰᠠᠷ᠎ᠠ ᠶᠢᠨ 14
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号