ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/3/21
 ᠬᠤᠤᠯᠢᠩᠭᠤᠤᠯ ᠤᠨ ᠬᠦᠮᠦᠰ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ᠂ ᠴᠤᠭᠯᠠᠷᠠᠯ ᠢ ᠪᠠᠭᠠᠰᠬᠠᠨ᠂ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠶ᠎ᠡ︕ᠪᠥᠬᠦ ᠬᠤᠲᠠ ᠶᠢᠨ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠲᠤ᠄    ᠣᠳᠣᠬᠠᠨ ᠳᠤ᠂ ᠪᠥᠬᠦ ᠤᠯᠤᠰ ᠲᠤ ᠣᠯᠠᠨ ᠭᠠᠵᠠᠷ ᠲᠤ ᠭᠡᠨᠡᠳᠲᠡ ᠡᠭᠦᠰᠴᠦ᠂ ᠢᠯᠠᠩᠭᠤᠶ᠎ᠠ ᠡᠷᠬᠢᠨ ᠲᠣᠭᠤᠷᠢᠨ ᠤ ᠮᠤᠵᠢ ᠬᠤᠲᠠ ᠳᠤ ᠬᠡᠰᠡᠭ ᠭᠠᠵᠠᠷ ᠲᠤ ᠲᠥᠪᠯᠡᠷᠡᠬᠦ ᠪᠠ ᠣᠯᠠᠨ ᠭᠠᠵᠠᠷ ᠲᠤ ᠳᠡᠯᠭᠡᠷᠡᠬᠦ ᠪᠠᠶᠢᠳᠠᠯ ᠢᠯᠡᠷᠡᠵᠦ᠂ ᠡᠳᠦᠷ ᠪᠦᠷᠢ ᠰᠢᠨ᠎ᠡ ᠪᠠᠷ ᠨᠡᠮᠡᠭᠳᠡᠭᠰᠡᠨ ᠲᠣᠰ ᠭᠠᠵᠠᠷ ᠣᠷᠣᠨ ᠪᠠ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ ᠦᠷᠭᠦᠯᠵᠢᠯᠡᠨ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠲᠤᠶᠢᠯ ᠤᠨ ᠬᠦᠨᠳᠦ ᠨᠣᠴᠢᠲᠠᠢ ᠪᠠᠶᠢᠨ᠎ᠠ᠃ᠣᠳᠣᠬᠠᠨ ᠤ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠪᠦᠬᠦ ᠬᠤᠳᠠ ᠶᠢᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠪᠠ᠄ᠨᠢᠭᠡ᠂ ᠵᠠᠪᠠᠯ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ᠃ᠲᠠ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ   ᠶᠢ ᠢᠳᠡᠪᠬᠢᠲᠡᠢ ᠳᠡᠮᠵᠢᠵᠦ᠂ ᠬᠠᠮᠵᠢᠯᠴᠠᠵᠤ᠂ ᠵᠢᠷᠤᠮᠯᠠᠨ ᠰᠠᠬᠢᠬᠤ ᠪᠣᠯᠪᠠᠤ᠂ ᠡᠷᠬᠡᠪᠰᠢ ᠬᠤᠷᠰᠢᠭᠰᠠᠨ ᠡᠮᠨᠡᠯᠭᠡ ᠠᠴᠠ ᠰᠠᠯᠵᠤ ᠪᠣᠯᠬᠤ ᠦᠭᠡᠢ᠂ ᠡᠷᠬᠡᠪᠰᠢ ᠬᠤᠷᠰᠢᠭᠰᠠᠨ ᠡᠮᠨᠡᠯᠭᠡ ᠳᠤ ᠪᠤᠴᠠᠬᠤ ᠦᠭᠡᠢ ᠪᠠᠶᠢᠬᠤ ᠬᠡᠷᠡᠭᠲᠡᠢ᠃ᠬᠢᠯᠢ ᠶᠢᠨ ᠭᠠᠳᠠᠨ᠎ᠠ᠂ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠢ ᠭᠠᠵᠠᠷ ᠣᠷᠣᠨ ᠪᠤᠶᠤ ᠬᠢᠵᠢᠭ ᠤᠨ ᠪᠠᠶᠢᠳᠠᠯ ᠭᠠᠷᠤᠭᠰᠠᠨ ᠬᠤᠲᠠ ᠳᠤ ᠣᠴᠢᠵᠤ ᠪᠣᠯᠬᠤ ᠦᠭᠡᠢ᠃ᠬᠡᠷᠪᠡ ᠣᠨᠴᠣᠭᠤᠢ ᠪᠠᠶᠢᠳᠠᠯ   ᠠᠴᠠ ᠪᠣᠯᠵᠤ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠰᠠᠨᠠᠭᠠᠴᠢᠯᠠᠭ᠎ᠠ   ᠠᠴᠠ ᠪᠠᠨ ᠪᠠᠶᠢᠭ᠎ᠠ ᠨᠢᠭᠡᠴᠡ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠠᠶᠠᠯᠠᠯ ᠢᠶᠠᠨ ᠮᠡᠳᠡᠭᠦᠯᠦᠨ ᠳᠠᠩᠰᠠᠯᠠᠭᠤᠯᠬᠤ ᠠᠵᠢᠯ ᠢ ᠰᠠᠶᠢᠲᠤᠷ ᠬᠢᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠬᠤ ᠬᠡᠷᠡᠭᠲᠡᠢ᠃ᠬᠤᠶᠠᠷ᠂ ᠢᠯᠡᠭᠦᠦ ᠬᠠᠮᠠᠭᠠᠯᠠᠵᠤ ᠴᠥᠭᠡᠨ ᠴᠤᠭᠯᠠᠷᠠᠬᠤ᠃ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠ᠂ ᠲᠠ ᠥᠪᠡᠷ ᠢ ᠪᠠᠨ ᠰᠠᠶᠢᠲᠤᠷ ᠬᠠᠮᠠᠭᠠᠯᠠᠵᠤ᠂ ᠠᠮᠠᠪᠴᠢ ᠵᠡᠭᠦᠬᠦ ᠶᠢ ᠰᠢᠨᠵᠢᠯᠡᠬᠦ ᠤᠬᠠᠭᠠᠨᠴᠢ ᠪᠠᠷ ᠳᠦᠷᠢᠮᠵᠢᠭᠦᠯᠦᠭᠡᠷᠡᠢ᠃︽ᠠᠶᠢᠯ ᠬᠡᠰᠦᠬᠦ ᠦᠭᠡᠢ᠂ ᠴᠤᠭᠯᠠᠬᠤ ᠦᠭᠡᠢ᠂ ᠣᠪᠣᠭᠠᠷᠠᠬᠤ ᠦᠭᠡᠢ︾ ᠪᠠᠶᠢᠬᠤ ᠱᠠᠭᠠᠷᠳᠠᠯᠭ᠎ᠠ ᠶᠣᠰᠣᠭᠠᠷ᠂ ᠴᠤᠭᠯᠠᠵᠤ ᠨᠠᠶᠢᠷᠯᠠᠬᠤ ᠪᠠ ᠲᠥᠷᠥᠯ ᠰᠠᠳᠤᠨ ᠨᠠᠶᠢᠵᠠ ᠨᠥᠬᠦᠳ ᠢᠶᠠᠨ ᠰᠤᠷᠪᠤᠯᠵᠢᠯᠠᠬᠤ ᠶᠢ ᠠᠯᠢ ᠴᠢᠳᠠᠬᠤ ᠪᠠᠷ ᠪᠠᠭᠠᠰᠬᠠᠵᠤ᠂ ᠵᠠᠪᠠᠯ ᠬᠥᠮᠥᠨ ᠣᠯᠠᠨ ᠴᠤᠭᠯᠠᠷᠠᠭᠰᠠᠨ ᠲᠠᠯᠠᠪᠤᠷ ᠲᠤ ᠣᠴᠢᠬᠤ ᠦᠭᠡᠢ ᠪᠠᠶᠢᠬᠤ ᠬᠡᠷᠡᠭᠲᠡᠢ᠃ᠣᠯᠠᠨ ᠨᠡᠶᠢᠲᠡ ᠶᠢᠨ ᠲᠠᠯᠠᠪᠤᠷ ᠲᠤ᠂ ᠠᠮᠠᠪᠴᠢ ᠵᠡᠭᠦᠬᠦ ᠶᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠰᠠᠨᠠᠭᠠᠴᠢᠯᠠᠭ᠎ᠠ   ᠠᠴᠠ ᠪᠠᠨ ᠨᠢᠭᠡ ᠮᠧᠲᠷ ᠤᠨ ᠵᠠᠢ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ ᠪᠠ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠬᠡᠷᠡᠭᠲᠡᠢ᠃    ᠭᠤᠷᠪᠠ᠂ ᠶᠡᠭᠡ ᠵᠢᠭᠰᠠᠭᠠᠨ ᠪᠠᠶᠢᠴᠠᠭᠠᠯᠲᠠ ᠶᠢ ᠴᠢᠬᠤᠯᠠᠴᠢᠯᠠᠬᠤ ᠬᠡᠷᠡᠭᠲᠡᠢ᠃ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠴᠢᠮᠡᠭᠡ ᠨᠡᠪᠲᠡᠷᠡᠯᠭᠡ ᠶᠢᠨ ᠠᠷᠭ᠎ᠠ ᠮᠠᠶ᠋ᠢᠭ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠥᠳᠡᠯᠦᠩᠭᠦᠢ ᠶᠠᠪᠤᠴᠠ ᠶᠢᠨ ᠮᠡᠳᠡᠭᠦᠯᠦᠯᠲᠡ ᠶᠢ ᠢᠳᠡᠪᠬᠢᠲᠡᠢ ᠬᠠᠮᠵᠢᠯᠴᠠᠨ ᠰᠠᠶᠢᠲᠤᠷ ᠬᠢᠵᠦ᠂ ᠴᠠᠭ ᠲᠤᠬᠠᠢ ᠳᠤᠨᠢ ᠭᠥᠯᠢᠶᠡᠨ ᠠᠪᠴᠤ᠂ ᠪᠠᠶᠢᠴᠠᠭᠠᠨ ᠦᠵᠡᠬᠦ ᠶᠢ ᠬᠦᠰᠡᠵᠦ ᠪᠠᠶᠢᠨ᠎ᠠ᠂ ᠬᠡᠷᠪᠡ ᠤᠲᠠᠰᠤ ᠪᠠᠨ ᠠᠯᠳᠠᠪᠠᠯ ᠴᠠᠭ ᠲᠤᠬᠠᠢ  ᠳᠤᠨᠢ ᠬᠠᠷᠢᠭᠤ ᠤᠲᠠᠰᠤᠳᠠᠬᠤ ᠶᠢᠨ ᠬᠠᠮᠲᠤ ᠵᠢᠯᠣᠭᠤᠳᠤᠯᠭ᠎ᠠ ᠶᠣᠰᠣᠭᠠᠷ ᠵᠣᠬᠢᠴᠠᠩᠭᠤᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠂ ᠣᠭᠲᠣᠬᠠᠨ ᠴᠤ ᠣᠶᠢᠰᠢᠶᠠᠬᠤ ᠦᠭᠡᠢ ᠪᠠᠶᠢᠵᠤ ᠪᠣᠯᠬᠤ ᠦᠭᠡᠢ᠃   ᠳᠥᠷᠪᠡ᠂ ᠲᠠᠷᠢᠯᠭ᠎ᠠ ᠶᠢ ᠴᠢᠩᠭᠠᠳᠬᠠᠵᠦ ᠲᠠᠷᠬᠠᠯᠠᠭ᠎ᠠ ᠶᠢ ᠴᠢᠩᠭᠠᠳᠬᠠᠨ᠎ᠠ᠃ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠪᠠᠬᠢᠵᠢᠭᠦᠯᠬᠦ ᠶᠢᠨ ᠲᠥᠯᠥᠭᠡ᠂ ᠲᠠ ᠰᠠᠨᠠᠭᠠᠴᠢᠯᠠᠭ᠎ᠠ   ᠠᠴᠠ ᠪᠠᠨ ᠰᠢᠨ᠎ᠡ ᠸᠢᠷᠦ᠋ᠰ ᠤᠨ ᠸᠠᠺᠼᠢᠨ ᠪᠠ ᠸᠠᠺᠼᠢᠨ ᠤ ᠲᠠᠷᠢᠯᠭ᠎ᠠ ᠶᠢ ᠴᠢᠩᠭᠠᠳᠬᠠᠵᠤ᠂ ᠭᠥᠯᠢᠶᠡᠨ ᠠᠪᠬᠤ ᠶᠣᠰᠣᠲᠠᠢ ᠶᠢ ᠨᠢ ᠪᠦᠬᠦᠨ ᠢ ᠲᠠᠷᠢᠭᠤᠯᠤᠭᠠᠷᠠᠢ᠃ᠥᠪᠡᠷ ᠤᠨ ᠪᠡᠶ᠎ᠡ ᠪᠠ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠢ᠃ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠦᠨᠦᠷ ᠤᠨ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠵᠠᠯᠭᠢᠭᠤᠷ ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ ᠢᠯᠡᠷᠡᠯ‌ᠭᠠᠷᠪᠠᠯ᠂ ᠪᠦᠬᠦ ᠶᠠᠪᠤᠴᠠ ᠶᠢᠨ ᠰᠡᠷᠭᠡᠶᠢᠯᠡᠯᠲᠡ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠠᠮᠤᠭ ᠲᠡᠷᠢᠭᠦᠨ ᠳᠤ ᠣᠶᠢᠷ᠎ᠠ ᠬᠠᠪᠢ ᠶᠢᠨ ᠲᠣᠭᠲᠠᠭᠰᠠᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠢ᠃ᠡᠪᠡᠳᠴᠢᠨ ᠦᠵᠡᠭᠦᠯᠬᠦ ᠳᠡᠭᠡᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠵᠢᠭᠤᠯᠴᠢᠯᠠᠨ ᠰᠠᠭᠤᠭᠰᠠᠨ ᠲᠡᠦᠬᠡ ᠪᠠ ᠣᠶᠢᠷᠠᠲᠤᠯᠴᠠᠭᠰᠠᠨ ᠲᠡᠦᠬᠡ ᠪᠠᠨ ᠦᠨᠡᠨ ᠮᠦᠨ ᠢᠶᠠᠷ ᠮᠡᠳᠡᠬᠦᠯᠬᠦ ᠬᠡᠷᠡᠭᠳᠡᠢ᠃     ᠲᠠᠪᠤ᠂ ᠪᠣᠯᠪᠠᠰᠤᠨ ᠢ ᠡᠷᠬᠢᠮᠯᠡᠵᠦ ᠰᠢᠨ᠎ᠡ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ᠵᠠᠩ ᠳᠠᠳᠬᠠᠯ ᠢ ᠤᠬᠠᠮᠰᠠᠷ ᠠᠴᠠ ᠪᠠᠨ ᠥᠭᠡᠷᠡᠴᠢᠯᠡᠵᠦ᠂ ︽ᠪᠠᠶᠠᠷ ᠤᠨ ᠶᠠᠪᠤᠳᠠᠯ ᠢ ᠬᠤᠶᠢᠰᠢᠯᠠᠭᠤᠯᠬᠤ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠶᠢᠨ ᠶᠠᠪᠤᠳᠠᠯ ᠢ ᠦᠯᠦ ᠰᠢᠢᠳᠪᠦᠷᠢᠯᠡᠬᠦ︾ ᠶᠢ ᠰᠠᠨᠠᠭᠠᠴᠢᠯᠠᠨ᠎ᠠ᠃ᠰᠣᠷᠭᠤᠭ ᠴᠡᠴᠡᠭ ᠤᠨ ᠳᠠᠬᠢᠯᠭ᠎ᠠ᠂ ᠠᠯᠤᠰ ᠤᠨ ᠳᠠᠬᠢᠯᠭ᠎ᠠ᠂ ᠰᠦᠯᠵᠢᠶᠡᠨ ᠤ ᠳᠠᠬᠢᠯᠭ᠎ᠠ ᠵᠡᠷᠭᠡ ᠪᠣᠯᠪᠠᠰᠤᠨ᠂ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠭ᠎ᠠ ᠶᠢᠨ ᠠᠵᠢᠯᠯᠠᠭ᠎ᠠ ᠶᠢ ᠰᠠᠨᠠᠭᠠᠴᠢᠯᠠᠵᠤ᠂ ᠭᠠᠰᠢᠭᠤᠳᠠᠯ ᠢᠶᠠᠨ ᠢᠯᠡᠳᠭᠡᠶ᠎ᠡ᠃    ᠵᠢᠷᠭᠤᠭ᠎ᠠ᠂ ᠴᠤᠤᠷᠬᠠᠯ ᠢ ᠢᠲᠡᠭᠡᠬᠦ ᠦᠭᠡᠢ ᠪᠠᠷ ᠴᠤᠤᠷᠬᠠᠯ ᠢ ᠲᠠᠷᠬᠠᠭᠠᠬᠤ ᠦᠭᠡᠢ᠃ᠰᠦᠯᠵᠢᠶ᠎ᠡ ᠪᠣᠯ ᠬᠠᠤᠯᠢ ᠠᠴᠠ ᠭᠠᠳᠠᠭᠤᠷ ᠭᠠᠵᠠᠷ ᠪᠢᠰᠢ᠂ ᠤᠯᠠᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠴᠠᠭ ᠲᠤᠬᠠᠢ ᠳᠤᠨᠢ ᠡᠷᠬᠡ ᠰᠦᠷᠲᠦ ᠵᠠᠭᠤᠴᠢᠯᠠᠭᠤᠷ ᠢᠶᠠᠷ ᠳᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠣᠶᠢᠯᠠᠭᠠᠵᠤ᠂ ᠡᠷᠬᠡ ᠰᠦᠷᠲᠦ ᠰᠠᠯᠠᠭ᠎ᠠ ᠮᠥᠴᠢᠷ ᠢᠶᠠᠷ ᠨᠤᠲᠠᠯᠠᠭᠤᠯᠤᠭᠰᠠᠨ ᠦᠭᠡᠢ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠤᠨ ᠲᠠᠷᠬᠠᠭᠠᠬᠤ ᠦᠭᠡᠢ ᠪᠠᠶᠢᠵᠤ᠂ ᠤᠬᠠᠮᠰᠠᠷ ᠠᠴᠠ ᠪᠠᠨ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠪᠤᠷᠤᠭᠤ ᠦᠭᠡ ᠶᠠᠷᠢᠶ᠎ᠠ ᠶᠢ ᠰᠠᠨᠠᠭᠠᠴᠢᠯᠠᠭ᠎ᠠ ᠠᠴᠠ ᠪᠠᠨ ᠡᠰᠡᠷᠭᠦᠴᠡᠨ ᠨᠢᠴᠤᠭᠠᠬᠤ ᠬᠡᠷᠡᠭᠲᠡᠢ᠃     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠥᠨᠳᠡᠯᠡᠨ ᠤ ᠬᠥᠮᠥᠨ ᠪᠠᠶᠢᠬᠤ ᠦᠭᠡᠢ᠂ ᠨᠡᠩ ᠴᠤ ᠬᠥᠨᠳᠡᠯᠡᠨ ᠠᠴᠠ ᠬᠠᠷᠠᠭᠴᠢ ᠪᠠᠶᠢᠬᠤ ᠦᠭᠡᠢ᠃ᠪᠢᠳᠠ ᠬᠠᠮᠲᠤᠪᠠᠷ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠢᠳᠡᠪᠬᠢᠲᠡᠢ ᠦᠢᠯᠡᠳᠦᠯᠭᠡᠵᠢᠭᠦᠯᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠬᠤᠤᠯᠢᠩᠭᠤᠤᠯ ᠬᠤᠳᠠ ᠶᠢᠨ ᠠᠮᠤᠷ ᠲᠣᠭᠲᠠᠭᠤᠨ ᠢ ᠬᠠᠮᠲᠤᠪᠠᠷ ᠰᠠᠬᠢᠨ ᠬᠠᠮᠠᠭᠠᠯᠠᠶ᠎ᠠ︕    ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠲᠠ ᠶᠢᠨ ᠬᠤᠷᠢᠶᠠᠨ ᠤ ᠤᠬᠠᠭᠤᠯᠬᠤ ᠬᠡᠯᠲᠡᠰ    ᠬᠤᠤᠯᠢᠩᠭᠤᠤᠯ ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ                                     2022 ᠣᠨ ᠤ 3 ᠰᠠᠷ᠎ᠠ ᠶᠢᠨ 20
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号