ᠮᠠᠨ ᠤ ᠬᠤᠲᠠ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/3/23
    ᠪᠥᠬᠦ ᠬᠤᠲᠠ ᠶᠢᠨ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢᠨ ᠲᠥᠯᠥᠭᠡ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠥᠬᠦ ᠬᠤᠲᠠ ᠶᠢᠨ ᠰᠢᠨ᠎ᠡ  ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠵᠤ ᠪᠠᠶᠢᠨ᠎ᠠ᠃
  3 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠴᠡᠭ ᠲᠤ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ 10 ᠭᠠᠷᠤᠢ ᠡᠮᠴᠢ ᠰᠤᠪᠢᠯᠠᠭᠴᠢ ᠪᠠ ᠠᠵᠢᠯᠲᠠᠨ ᠴᠥᠮ ᠣᠷᠣ ᠣᠷᠣᠨ ᠳᠠᠭᠠᠨ ᠣᠷᠣᠵᠠᠢ᠃ᠲᠠᠷᠢᠯᠭ᠎ᠠ ᠶᠢᠨ ᠲᠤᠬᠠᠢ ᠶᠢᠨ ᠲᠠᠯᠠᠪᠤᠷ ᠲᠤ᠂ ᠸᠠᠺᠼᠢᠨ ᠤ ᠲᠠᠷᠢᠯᠭ᠎ᠠ ᠬᠢᠬᠦ ᠪᠠᠷ ᠢᠷᠡᠭᠰᠡᠨ ᠬᠤᠲᠠ ᠶᠢᠨ ᠠᠷᠠᠳ ᠴᠥᠮ ᠱᠠᠭᠠᠷᠳᠠᠯᠭ᠎ᠠ ᠶᠣᠰᠣᠭᠠᠷ ᠠᠮᠠᠪᠴᠢ ᠵᠡᠭᠦᠵᠦ᠂ ᠲᠠᠷᠢᠯᠭ᠎ᠠ ᠶᠢᠨ ᠠᠵᠢᠯᠲᠠᠨ ᠡᠮᠬᠢ ᠵᠢᠷᠤᠮ ᠲᠠᠢ ᠪᠠᠷ ᠮᠥᠷᠯᠡᠨ ᠳᠡᠩᠰᠡᠯᠡᠵᠦ᠂ ᠡᠮᠴᠢ ᠰᠤᠪᠢᠯᠠᠭᠴᠢᠳ ᠲᠠᠷᠢᠯᠭ᠎ᠠ ᠶᠢᠨ ᠠᠵᠢᠯᠲᠠᠨ ᠤ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ᠂ ᠬᠠᠷᠰᠢᠮᠠᠲᠠᠭᠠᠢ ᠲᠡᠦᠬᠡ ᠶᠢ ᠨᠠᠷᠢᠨ ᠠᠰᠠᠭᠤᠨ ᠯᠠᠪᠯᠠᠵᠤ᠂ ᠮᠡᠳᠡᠭᠡ ᠵᠠᠩᠭᠢ ᠶᠢ ᠨᠤᠲᠠᠯᠠᠵᠤ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠶᠢ ᠲᠣᠭᠲᠠᠭᠠᠭᠰᠠᠨ ᠤ ᠳᠠᠷᠠᠭ᠎ᠠ ᠡᠮᠬᠢ ᠵᠢᠷᠤᠮ ᠲᠠᠢ ᠪᠠᠷ ᠲᠠᠷᠢᠯᠭ᠎ᠠ ᠬᠢᠳᠡᠭ᠃    ᠮᠦᠰᠦᠳᠠᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠶᠠᠨ ᠾᠦᠢ ᠬᠡᠯᠡᠬᠦ ᠳᠡᠭᠡᠨ᠂ ︽ᠣᠳᠣᠬᠠᠨ ᠤ ᠬᠢᠵᠢᠭ ᠤᠨ ᠪᠠᠶᠢᠳᠠᠯ ᠳᠤ ᠴᠢᠭᠯᠡᠭᠦᠯᠦᠨ᠂ ᠮᠠᠨ ᠤ ᠡᠮᠨᠡᠯᠭᠡ ᠶᠢᠨ ᠬᠤᠷᠢᠶ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ 3 ᠰᠠᠷ᠎ᠠ ᠶᠢᠨ 5 ᠤ ᠡᠳᠦᠷ ᠪᠦᠬᠦᠯᠢ 18 ᠨᠠᠰᠤᠨ ᠠᠴᠠ ᠳᠡᠭᠡᠭᠰᠢᠬᠢ ᠬᠥᠮᠥᠰ ᠲᠤ ᠬᠠᠨᠳᠤᠭᠤᠯᠤᠨ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠳᠠᠷᠠᠭ᠎ᠠ ᠲᠠᠢ ᠥᠷᠨᠢᠭᠦᠯᠪᠡ︾ ᠭᠡᠵᠡᠢ᠃

   ᠣᠶᠢᠯᠠᠭᠠᠭᠰᠠᠨ ᠢᠶᠠᠷ᠂ ᠣᠳᠣᠬᠠᠨ ᠳᠤ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ

ᠲᠠᠷᠢᠯᠭ᠎ᠠ ᠶᠢᠨ ᠭᠠᠵᠠᠷ ᠲᠤ ᠡᠳᠦᠷ ᠪᠦᠷᠢ 400 ᠭᠠᠷᠤᠢ ᠬᠥᠮᠥᠨ ᠤ ᠲᠠᠷᠢᠯᠭ᠎ᠠ ᠶᠢ ᠭᠥᠯᠢᠶᠡᠨ ᠠᠪᠴᠤ ᠪᠠᠶᠢᠨ᠎ᠠ᠃3

ᠰᠠᠷ᠎ᠠ ᠶᠢᠨ 21 ᠤ ᠡᠳᠦᠷ ᠪᠣᠯᠲᠠᠯ᠎ᠠ᠂ ᠨᠢᠭᠡᠳᠦᠭᠡᠷ ᠲᠠᠷᠢᠯᠭ᠎ᠠ ᠶᠢᠨ ᠡᠮ ᠢ ᠨᠡᠶᠢᠲᠡ 133828 ᠬᠥᠮᠥᠨ ᠳᠠᠷᠢᠵᠤ᠂

ᠡᠭᠦᠷᠭᠡ ᠶᠢᠨ ᠭᠦᠢᠴᠡᠳᠬᠡᠯ ᠲᠤᠭ᠎ᠠ ᠶᠢᠨ ᠲᠠᠷᠢᠯᠭ᠎ᠠ ᠶᠢᠨ ᠨᠣᠷᠮ᠎ᠠ ᠨᠢ 108.27% ᠳᠤ ᠬᠦᠷᠴᠡᠢ︔ᠬᠤᠶᠠᠳᠤᠭᠠᠷ

ᠨᠠᠶᠢᠷᠠᠯᠭ᠎ᠠ134494᠂ ᠡᠭᠦᠷᠭᠡ ᠶᠢᠨ ᠭᠦᠢᠴᠡᠳᠬᠡᠬᠦ ᠲᠤᠭ᠎ᠠ ᠶᠢᠨ ᠲᠠᠷᠢᠯᠭ᠎ᠠ ᠶᠢᠨ ᠨᠣᠷᠮ᠎ᠠ 108.81%︔︽

ᠴᠢᠩᠭᠠᠳᠬᠠᠬᠤ ᠲᠠᠷᠢᠯᠭ᠎ᠠ︾ ᠶᠢᠨ ᠭᠤᠷᠪᠠᠳᠤᠭᠠᠷ ᠡᠮ 109839 ᠪᠠᠶᠢᠵᠤ᠂ ᠡᠭᠦᠷᠭᠡ ᠶᠢᠨ ᠭᠦᠢᠴᠡᠳᠬᠡᠬᠦ

ᠲᠤᠭ᠎ᠠ ᠶᠢᠨ ᠲᠠᠷᠢᠯᠭ᠎ᠠ ᠶᠢᠨ ᠨᠤᠷᠮ᠎ᠠ 89.01% ᠪᠠᠶᠢᠵᠤ᠂ ᠡᠭᠦᠨ ᠳᠤ 5736 ᠬᠥᠮᠥᠨ ᠤ ᠲᠠᠷᠢᠯᠭ᠎ᠠ ᠶᠢ

ᠳᠠᠷᠠᠭᠠᠯᠠᠯ ᠲᠠᠢ ᠴᠢᠩᠭᠠᠳᠬᠠᠭᠰᠠᠨ ᠲᠠᠷᠢᠯᠭ᠎ᠠ ᠶᠢᠨ ᠡᠮ ᠪᠤᠢ᠃

   ︽ᠸᠠᠺᠼᠢᠨ ᠤ ᠲᠠᠷᠢᠯᠭ᠎ᠠ ᠶᠢᠨ ᠡᠭᠦᠷᠭᠡ ᠶᠢ ᠨᠠᠩ ᠰᠠᠶᠢᠨ ᠪᠡᠶᠡᠯᠡᠭᠦᠯᠬᠦ ᠶᠢᠨ ᠲᠥᠯᠥᠭᠡ᠂ ᠪᠢᠳᠡ ᠵᠡᠭᠡᠯᠢ

ᠭᠤᠳᠤᠮᠵᠢ ᠨᠡᠶᠢᠭᠡᠮ ᠲᠣᠭᠤᠷᠢᠭ ᠲᠠᠢ ᠬᠠᠮᠲᠤᠷᠠᠨ ᠤᠬᠠᠭᠤᠯᠤᠨ ᠳᠠᠶᠢᠴᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂

ᠰᠢᠨ᠎ᠡ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠲᠤ ᠪᠢᠳᠡ ᠤᠲᠠᠰᠤ ᠪᠠᠷ ᠮᠡᠳᠡᠭᠳᠡᠬᠦ ᠪᠠ ᠡᠷᠦᠬᠡ ᠳᠤ

ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠷᠢᠯᠭ᠎ᠠ ᠬᠢᠭᠰᠡᠨ ᠦᠭᠡᠢ ᠬᠥᠮᠥᠰ ᠲᠤ ᠮᠡᠳᠡᠭᠳᠡᠨ᠎ᠡ᠃ ᠣᠳᠣᠬᠠᠨ ᠤ

ᠪᠠᠶᠢᠳᠠᠯ   ᠠᠴᠠ ᠦᠵᠡᠪᠡᠯ᠂ ᠮᠠᠨ ᠤ ᠬᠤᠤᠯᠢᠩᠭᠤᠤᠯ ᠬᠤᠲᠠ   ᠶᠢᠨ ᠲᠠᠷᠢᠯᠭ᠎ᠠ   ᠶᠢᠨ ᠶᠡᠷᠦᠩᠬᠡᠢ ᠪᠠᠶᠢᠳᠠᠯ ᠨᠡᠯᠢᠶᠡᠳ

ᠰᠠᠶᠢᠨ ᠪᠠᠶᠢᠨ᠎ᠠ᠂ ᠠᠳᠡ ᠪᠢᠳᠡ ᠣᠯᠠᠨ ᠨᠡᠶᠢᠲᠡ   ᠶᠢᠨ ᠲᠠᠷᠢᠯᠭ᠎ᠠ   ᠶᠢ ᠡᠷᠬᠡᠪᠰᠢ ᠪᠦᠬᠦ ᠶᠠᠪᠤᠴᠠ ᠳᠤ ᠬᠢᠵᠦ

ᠳᠠᠭᠤᠰᠬᠠᠬᠤ ᠬᠡᠷᠡᠭᠲᠡᠢ᠂ ᠳᠤᠲᠠᠭᠤ ᠳᠣᠷᠭᠤᠨ ᠵᠣᠭᠰᠣᠭᠠᠵᠤ ᠪᠣᠯᠬᠤ ᠦᠭᠡᠢ᠂ ᠡᠰᠡ ᠲᠡᠭᠡᠪᠡᠯ ᠸᠢᠷᠦ᠋ᠰ ᠤᠨ

ᠬᠠᠯᠳᠠᠪᠤᠷᠢᠯᠠᠯ   ᠢ ᠰᠡᠷᠭᠡᠶᠢᠯᠡᠬᠦ ᠪᠠ ᠬᠦᠨᠳᠦ ᠡᠪᠡᠳᠴᠢᠨ   ᠢ ᠰᠡᠷᠭᠡᠶᠢᠯᠡᠬᠦ ᠬᠠᠮᠤᠭ ᠤᠨ ᠰᠠᠶᠢᠨ ᠬᠠᠮᠠᠭᠠᠯᠠᠯᠲᠠ   ᠶᠢᠨ

ᠦᠷ᠎ᠡ ᠳ᠋ᠦᠩ ᠳᠤ ᠬᠦᠷᠴᠦ ᠴᠢᠳᠠᠬᠤ ᠦᠭᠡᠢ ᠭᠡᠵᠦ ᠤᠷᠢᠶᠠᠯᠠᠵᠤ ᠪᠠᠶᠢᠨ᠎ᠠ︾ ᠭᠡᠵᠦ ᠵᠠᠩ ᠶᠠᠨ ᠾᠦᠢ ᠬᠡᠯᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号