ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/3/24
    ᠣᠳᠣᠬᠠᠨ ᠤ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ   ᠢ ᠤᠯᠠᠮ ᠨᠢᠭᠡ ᠠᠯᠬᠤᠮ ᠠᠷᠭᠠᠴᠠᠬᠤ   ᠶᠢᠨ ᠲᠤᠰᠠᠳᠠ᠂ ᠬᠤᠲᠠ   ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ   ᠶᠢ ᠪᠦᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠲᠣᠣᠷ   ᠢ ᠯᠠᠪᠳᠠᠭᠤᠨ ᠪᠠᠲᠤᠲᠠᠢ ᠪᠠᠷ ᠨᠢᠭᠲᠠ ᠰᠦᠯᠵᠢᠵᠦ᠂ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠪᠠ᠃

   ᠲᠤᠰ ᠲᠣᠪᠴᠢᠶ᠎ᠠ ᠴᠠᠭ ᠲᠤᠬᠠᠢ ᠳᠤᠨᠢ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ ᠤᠨ

ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠪᠦᠬᠦ ᠬᠤᠲᠠ   ᠶᠢᠨ ᠬᠢᠵᠢᠭ ᠤᠨ ᠪᠠᠶᠢᠳᠠᠯ   ᠢ ᠰᠡᠷᠭᠡᠶᠢᠯᠡᠨ

ᠬᠢᠵᠠᠭᠠᠷᠯᠠᠬᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ   ᠶᠢ ᠤᠯᠠᠮᠵᠢᠯᠠᠨ᠂ ᠬᠤᠳᠠᠯᠳᠤᠭᠠᠨ ᠤ

ᠶᠠᠪᠤᠳᠠᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ   ᠢ ᠢᠳᠡᠪᠬᠢᠲᠡᠢ ᠪᠠᠷ

ᠲᠣᠬᠢᠷᠠᠭᠤᠯᠤᠨ ᠪᠠᠶᠢᠷᠢᠯᠠᠭᠤᠯᠵᠠᠢ᠃ᠬᠤᠳᠠᠯᠳᠤᠭᠠᠨ ᠤ ᠬᠡᠲᠦ ᠳᠡᠯᠭᠡᠭᠦᠷ᠂ ᠪᠣᠯᠪᠠᠰᠤᠷᠠᠭᠤᠯᠤᠭᠰᠠᠨ ᠴᠢᠯᠠᠭᠤᠨ

ᠲᠣᠰᠣᠨ ᠤ ᠠᠵᠤ ᠠᠬᠤᠶᠢᠯᠠᠯ ᠤᠨ ᠬᠥᠮᠥᠷᠭᠡ ᠶᠢᠨ ᠬᠠᠳᠠᠭᠠᠯᠠᠯᠲᠠ ᠶᠢ ᠬᠢᠨᠠᠨ ᠬᠡᠮᠵᠢᠵᠦ ᠤᠷᠢᠳᠴᠢᠯᠠᠨ

ᠰᠡᠷᠡᠮᠵᠢᠯᠡᠭᠦᠯᠬᠦ ᠶᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠠᠵᠢᠯᠲᠠᠨ ᠢ ᠲᠣᠬᠢᠷᠠᠭᠤᠯᠤᠨ 4 ᠲᠣᠮᠣ

ᠬᠡᠯᠪᠡᠷᠢ ᠶᠢᠨ ᠬᠡᠲᠦ ᠳᠡᠯᠭᠡᠭᠦᠷ ᠤᠨ ᠡᠳᠦᠷ ᠲᠤᠲᠤᠮ ᠤᠨ ᠬᠡᠷᠡᠭᠯᠡᠭᠡᠨ ᠤ ᠪᠠᠷᠠᠭ᠎ᠠ ᠶᠢᠨ ᠬᠥᠮᠥᠷᠭᠡ ᠶᠢᠨ

ᠬᠠᠳᠠᠭᠠᠯᠠᠯᠲᠠ ᠶᠢ ᠬᠢᠨᠠᠨ ᠬᠡᠮᠵᠢᠬᠦ ᠶᠢᠨ ᠬᠠᠮᠲᠤ᠂ ᠭᠠᠳᠠᠭᠠᠳᠤ   ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠪᠤᠰᠤ

ᠡᠳ᠋ ᠪᠠᠷᠠᠭ᠎ᠠ ᠶᠢᠨ ᠢᠷᠡᠯᠲᠡ᠂ ᠲᠡᠭᠡᠭᠡᠪᠦᠷᠢᠯᠡᠬᠦ ᠠᠷᠭ᠎ᠠ ᠮᠠᠶ᠋ᠢᠭ᠂ ᠡᠳ᠋ ᠪᠠᠷᠠᠭ᠎ᠠ ᠶᠢ ᠤᠰᠠᠳᠬᠠᠭᠰᠠᠨ ᠵᠡᠷᠭᠡ ᠪᠠᠶᠢᠳᠠᠯ ᠢ

ᠬᠤᠷᠢᠶᠠᠩᠭᠤᠶᠢᠯᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃ᠬᠡᠰᠡᠭᠴᠢᠯᠡᠭᠰᠡᠨ ᠬᠠᠮᠢᠶᠠᠷᠤᠯᠲᠠ ᠶᠢ ᠦᠷᠭᠦᠯᠵᠢᠯᠡᠨ

ᠴᠢᠩᠭᠠᠳᠬᠠᠵᠤ᠂ ᠠᠵᠢᠯ ᠲᠥᠷᠥᠯ ᠤᠨ ᠳᠣᠲᠣᠭᠠᠳᠤ  ᠳᠤ ᠠᠩᠬᠠᠷᠴᠦ᠂ ᠬᠤᠤᠯᠢᠩᠭᠤᠤᠯ ᠳᠤ ᠢᠷᠡᠭᠰᠡᠳ ᠢ ᠴᠢᠩᠭ᠎ᠠ

ᠬᠠᠮᠢᠶᠠᠷᠴᠦ᠂ ᠬᠤᠳᠠᠯᠳᠤᠭ᠎ᠠ ᠠᠷᠠᠯᠵᠢᠶ᠎ᠠ ᠶᠢᠨ ᠭᠦᠢᠯᠭᠡᠭᠡᠨ ᠤ ᠠᠵᠤ ᠠᠬᠤᠶᠢᠯᠠᠯ ᠵᠢᠴᠢ ᠲᠦᠷᠭᠡᠨ ᠬᠦᠷᠭᠡᠬᠦ ᠠᠵᠢᠯ

ᠲᠥᠷᠥᠯ ᠤᠨ ᠠᠵᠢᠯᠲᠠᠨ ᠤ ᠰᠢᠨ᠎ᠡ ᠪᠠᠷ ᠢᠯᠡᠷᠡᠬᠦ ᠬᠢᠵᠢᠭ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢᠨ

ᠤᠬᠠᠭᠤᠯᠭ᠎ᠠ ᠶᠢ ᠢᠳᠡᠪᠬᠢᠲᠡᠢ ᠰᠠᠶᠢᠲᠤᠷ ᠬᠢᠵᠦ᠂ ᠡᠯ᠎ᠡ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠯ᠎ᠡ

ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ

ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ

ᠨᠠᠶᠢᠳᠠᠪᠤᠷᠢᠵᠢᠭᠤᠯᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号