ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠪᠣᠯᠪᠠᠰᠤᠨ ᠪᠤᠰᠤ ᠲᠠᠬᠢᠯᠭ᠎ᠠ ᠶᠢᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/3/31
   ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠣᠯᠪᠠᠰᠤᠨ ᠳᠠᠬᠢᠯᠭ᠎ᠠ   ᠶᠢᠨ ᠰᠢᠨ᠎ᠡ ᠰᠤᠷᠲᠠᠯ   ᠢ ᠰᠠᠨᠠᠭᠠᠴᠢᠯᠠᠨ᠂ ᠭᠠᠯ ᠤᠨ ᠭᠠᠮᠰᠢᠭ ᠤᠨ ᠳᠠᠯᠳᠠ ᠭᠡᠮ ᠢ ᠠᠷᠢᠯᠭᠠᠵᠤ᠂ ᠬᠤᠲᠠ ᠶᠢᠨ ᠣᠷᠴᠢᠨ ᠲᠣᠭᠤᠷᠢᠨ ᠢ ᠴᠡᠪᠡᠷᠰᠢᠭᠦᠯᠬᠦ ᠳᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠵᠢᠴᠢ ᠮᠠᠨ ᠤ ᠬᠤᠲᠠ ᠶᠢᠨ ᠭᠤᠷᠪᠠᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠪᠠ ᠲᠠᠬᠢᠯᠭ᠎ᠠ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠠᠵᠢᠯᠯᠠᠭ᠎ᠠ ᠶᠢ ᠠᠬᠢᠭᠤᠯᠬᠤ ᠳᠦᠷᠢᠮ︾ ︽ᠲᠦᠩᠯᠢᠶᠣᠣ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠭᠤᠣᠯ ᠬᠤᠳᠠ ᠶᠢᠨ ᠲᠣᠭᠤᠷᠢᠭ ᠤᠨ ᠬᠤᠳᠠ ᠶᠢᠨ ᠵᠠᠮ᠂ ᠠᠭᠤᠳᠠᠮ ᠲᠠᠯᠠᠪᠠᠢ᠂ ᠤᠯᠠᠨ ᠨᠡᠶᠢᠲᠡ ᠶᠢᠨ ᠨᠣᠭᠤᠭᠠᠨ ᠭᠠᠵᠠᠷ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠤᠯᠠᠨ ᠨᠡᠶᠢᠲᠡ ᠶᠢᠨ ᠲᠠᠯᠠᠪᠤᠷ ᠲᠤ  ᠲᠤᠨᠤᠯᠵᠢᠨ ᠵᠠᠮ᠂ T ᠦᠰᠦᠭᠲᠦ ᠵᠠᠮ ᠤᠨ ᠠᠭᠤᠯᠵᠠᠷ᠂ ᠭᠤᠣᠯ ᠵᠡᠭᠡᠯᠢ ᠭᠤᠣᠯ ᠵᠠᠮ᠂ ᠠᠷᠤ ᠭᠤᠳᠤᠮᠵᠢ᠂ ᠬᠤᠭ ᠨᠣᠪᠰᠢ ᠶᠢᠨ ᠠᠪᠳᠠᠷ᠎ᠠ ᠶᠢᠨ ᠬᠠᠵᠠᠭᠤ᠂ ᠮᠠᠰᠢᠨᠲᠤ ᠲᠡᠷᠭᠡᠨ ᠤ ᠵᠠᠮ᠂ ᠮᠠᠰᠢᠨᠲᠤ ᠪᠤᠰᠤ ᠲᠡᠷᠭᠡᠨ ᠤ ᠵᠠᠮ᠂ ᠨᠣᠭᠤᠭᠠᠷᠠᠭᠤᠯᠤᠯᠲᠠ ᠶᠢᠨ ᠪᠦᠰᠡ᠂ ᠶᠠᠪᠠᠭᠠᠨ ᠬᠥᠮᠥᠨ ᠤ ᠵᠠᠮ ᠤᠨ ᠬᠤᠶᠠᠷ ᠲᠠᠯ᠎ᠠ ᠪᠠ ᠤᠯᠠᠨ ᠨᠡᠶᠢᠲᠡ ᠶᠢᠨ ᠠᠭᠤᠳᠠᠮ ᠲᠠᠯᠠᠪᠠᠢ ᠵᠡᠷᠭᠡ ᠣᠷᠣᠨ ᠪᠦᠰᠡ ᠶᠢ ᠪᠠᠭᠲᠠᠭᠠᠭᠰᠠᠨ ᠣᠷᠣᠰᠢᠭᠤᠯᠭ᠎ᠠ ᠶᠢᠨ ᠳᠠᠬᠢᠯᠭ᠎ᠠ ᠶᠢᠨ ᠬᠡᠷᠡᠭᠰᠡᠯ ᠢ ᠰᠢᠲᠠᠭᠠᠬᠤ᠂ ᠬᠠᠶᠠᠬᠤ ᠶᠢ ᠴᠠᠭᠠᠵᠠᠯᠠᠨ᠎ᠠ᠃    ᠢᠳᠡᠭᠡᠨ ᠤᠮᠳᠠᠭᠠᠨ ᠤ ᠳᠡᠯᠭᠡᠭᠦᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠣᠷᠣᠰᠢᠭᠤᠯᠭ᠎ᠠ ᠶᠢᠨ ᠬᠡᠷᠡᠭᠰᠡᠯ ᠤᠨ ᠳᠡᠯᠭᠡᠭᠦᠷ ᠵᠡᠷᠭᠡ ᠲᠠᠯᠠᠪᠤᠷ ᠤᠨ ᠳᠡᠯᠭᠡᠭᠦᠷ ᠤᠨ ᠭᠠᠳᠠᠨ᠎ᠠ ᠰᠢᠲᠠᠭᠠᠬᠤ ᠴᠠᠭᠠᠰᠤ᠂ ᠴᠠᠭᠠᠰᠤᠨ ᠬᠠᠳᠬᠤᠮᠠᠯ ᠡᠳ᠋᠂ ᠬᠦᠵᠢ ᠵᠡᠷᠭᠡ ᠣᠷᠣᠰᠢᠭᠤᠯᠭ᠎ᠠ ᠶᠢᠨ ᠳᠠᠬᠢᠯᠭ᠎ᠠ ᠶᠢᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠶᠢ ᠴᠠᠭᠠᠵᠠᠯᠠᠨ᠎ᠠ︔ᠶᠠᠪᠤᠭᠤᠯ ᠬᠤᠳᠠᠯᠳᠤᠭᠠᠴᠢᠨ ᠤ ᠹᠧᠣᠳᠠᠯ ᠤᠨ ᠮᠤᠬᠤᠷ ᠰᠦᠰᠦᠭ ᠤᠨ ᠣᠷᠣᠰᠢᠭᠤᠯᠭ᠎ᠠ ᠶᠢᠨ ᠳᠠᠬᠢᠯᠭ᠎ᠠ ᠶᠢᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠶᠢ ᠴᠠᠭᠠᠵᠠᠯᠠᠨ᠎ᠠ᠃    ︽ᠲᠦᠩᠯᠢᠶᠣᠣ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠤᠨ ᠭᠤᠴᠢᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠪᠣᠯᠪᠠᠰᠤᠨ ᠂ ᠪᠣᠬᠢᠷᠳᠤᠯ ᠦᠭᠡᠢ ᠲᠠᠬᠢᠯᠭ᠎ᠠ ᠶᠢ ᠵᠣᠷᠢᠭᠵᠢᠭᠤᠯᠤᠨ ᠰᠠᠨᠠᠭᠠᠴᠢᠯᠠᠵᠤ᠂ ᠣᠷᠣᠰᠢᠭᠤᠯᠭ᠎ᠠ ᠶᠢᠨ ᠭᠠᠵᠠᠷ ᠪᠠ ᠣᠩᠭᠤᠨ ᠤ ᠭᠠᠵᠠᠷ ᠤᠨ ᠭᠠᠳᠠᠨ᠎ᠠ ᠰᠢᠷ᠎ᠠ ᠴᠠᠭᠠᠰᠤ᠂ ᠴᠠᠭᠠᠰᠤᠨ ᠵᠣᠭᠤᠰ ᠢ ᠰᠢᠲᠠᠭᠠᠵᠤ ᠪᠣᠯᠬᠤ ᠦᠭᠡᠢ᠃ᠳᠥᠴᠢᠨ ᠵᠢᠷᠭᠤᠳᠤᠭᠠᠷ ᠵᠦᠢᠯ ᠲᠤᠰ ᠳᠦᠷᠢᠮ ᠤᠨ ᠭᠤᠷᠪᠠᠳᠤᠭᠠᠷ ᠪᠠᠳᠠᠭ ᠤᠨ ᠲᠣᠭᠲᠠᠭᠠᠯ ᠢ ᠵᠥᠷᠢᠴᠡᠪᠡ᠄ ᠣᠷᠣᠰᠢᠭᠤᠯᠭ᠎ᠠ ᠶᠢᠨ ᠭᠠᠵᠠᠷ ᠪᠠ ᠪᠤᠯᠠᠰᠢᠨ ᠤ ᠭᠠᠵᠠᠷ ᠤᠨ ᠭᠠᠳᠠᠨ᠎ᠠ ᠰᠢᠷ᠎ᠠ ᠴᠠᠭᠠᠰᠤ᠂ ᠴᠠᠭᠠᠰᠤᠨ ᠵᠣᠭᠤᠰ ᠢ ᠰᠢᠲᠠᠭᠠᠭᠰᠠᠨ ᠪᠠᠶᠢᠪᠠᠯ ᠰᠡᠷᠡᠮᠵᠢ ᠥᠭᠴᠦ᠂ 50 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠳᠥᠴᠢᠨ ᠳᠣᠯᠣᠳᠤᠭᠠᠷ ᠵᠦᠢᠯ ᠤᠨ ᠨᠢᠭᠡᠳᠦᠭᠡᠷ ᠪᠠᠳᠠᠭ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠵᠠᠷᠯᠢᠭᠳᠠᠨ ᠵᠠᠯᠠᠷᠠᠭᠤᠯᠤᠭᠤᠯᠵᠤ᠂ ᠬᠠᠮᠵᠢᠯᠴᠠᠬᠤ ᠶᠢ ᠲᠡᠪᠴᠢᠭᠰᠡᠨ ᠲᠤᠬᠠᠢ ᠶᠢᠨ ᠬᠥᠮᠥᠨ ᠢ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠨᠢ ᠲᠦᠷ ᠦᠯᠡᠳᠡᠭᠡᠨ ᠠᠪᠴᠤ᠂ 50 ᠲᠥᠭᠦᠷᠢᠭ ᠠᠴᠠ ᠳᠡᠭᠡᠭᠰᠢ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃    ᠬᠤᠳᠠ ᠶᠢᠨ ᠠᠷᠠᠳ ᠨᠠᠶᠢᠵᠢ ᠨᠠᠷ ᠡ᠂ ᠪᠣᠯᠪᠠᠰᠤᠨ ᠤ ᠲᠠᠬᠢᠯᠭ᠎ᠠ ᠶᠢ ᠦᠢᠯᠡᠳᠦᠯᠭᠡᠵᠢᠭᠦᠯᠬᠦ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠪᠢᠳᠡ ᠤᠬᠠᠮᠰᠠᠷ ᠠᠴᠠ ᠪᠠᠨ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠳᠤ ᠠᠴᠠ ᠡᠬᠢᠯᠡᠨ ᠬᠢᠵᠦ᠂ ᠨᠡᠩ ᠪᠣᠯᠪᠠᠰᠤᠨ᠂ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠠᠷᠭ᠎ᠠ ᠬᠡᠯᠪᠡᠷᠢ ᠪᠠᠷ ᠤᠷᠢᠳᠤᠬᠢ ᠪᠠᠨ ᠮᠥᠷᠥᠭᠡᠳᠦᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠨ ᠢᠯᠡᠳᠬᠡᠶ᠎ᠡ᠃      ᠬᠤᠤᠯᠢᠩᠭᠤᠤᠯ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ                    2022 ᠣᠨ ᠤ 3 ᠰᠠᠷ᠎ᠠ ᠶᠢᠨ 30
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号