ᠬᠤᠤᠯᠢᠩᠭᠤᠤᠯ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠩᠰᠢ ᠶᠢᠨ ᠬᠤᠭᠤᠴᠠᠭᠠᠨ ᠳᠠᠬᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠠᠯᠠᠪᠠᠶ ᠶᠢᠨ ᠪᠣᠯᠪᠠᠰᠤᠨ ᠤ ᠱᠦᠭᠦᠷᠳᠡᠯᠲᠡ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/3/31
ᠪᠥᠬᠦ ᠬᠤᠲᠠ ᠶᠢᠨ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠡ᠄    ᠣᠳᠣᠬᠠᠨ ᠳᠤ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ ᠮᠠᠨ ᠤ ᠬᠤᠲᠠ ᠶᠢᠨ ᠬᠥᠷᠰᠢ ᠵᠡᠷᠭᠡᠯᠡᠳᠡᠭᠡ ᠬᠤᠰᠢᠭᠤ ᠰᠢᠶᠠᠨ ᠳᠤ ᠪᠠᠰᠠ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠵᠠᠯᠭᠠᠭ᠎ᠠ ᠪᠠᠷ ᠢᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠨ᠎ᠠ᠃ᠬᠠᠩᠰᠢ ᠶᠢᠨ ᠬᠤᠭᠤᠴᠠᠭᠠᠨ ᠳᠤ ᠳᠠᠬᠢᠯᠭ᠎ᠠ ᠠᠴᠠ ᠪᠣᠯᠵᠤ ᠬᠥᠮᠥᠨ ᠴᠤᠭᠯᠠᠷᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠶᠢᠨ ᠲᠥᠯᠥᠭᠡ᠂ ᠸᠢᠷᠦ᠋ᠰ ᠬᠠᠯᠳᠠᠪᠤᠷᠢᠯᠠᠬᠤ ᠪᠠ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠵᠦ᠂ ᠮᠠᠨ ᠤ ᠭᠠᠵᠠᠷ ᠣᠷᠣᠨ ᠤ ᠥᠷᠭᠡᠨ ᠣᠯᠠᠨ ᠬᠤᠲᠠ ᠶᠢᠨ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠨ᠎ᠠ᠂ ᠳᠡᠭᠡᠳᠦ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ ᠂ ᠬᠤᠤᠯᠢᠩᠭᠤᠤᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠰᠤᠳᠤᠯᠤᠨ ᠮᠠᠭᠠᠳᠯᠠᠯᠲᠠ ᠪᠠᠷ ᠳᠡᠮᠵᠢᠨ᠂ ᠮᠠᠨ ᠤ ᠬᠤᠲᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠶ ᠳᠤ ᠤᠷᠢᠳᠴᠢᠯᠠᠨ ᠪᠣᠯᠵᠣᠬᠤ᠂ ᠴᠠᠭ ᠤᠨ ᠬᠢᠵᠠᠭᠠᠷ ᠬᠤᠪᠢᠶᠠᠨ ᠶᠠᠪᠤᠭᠤᠯᠬᠤ᠂ ᠡᠮᠬᠢ ᠵᠢᠷᠤᠮ ᠲᠠᠢ ᠪᠠᠷ ᠴᠢᠯᠦᠭᠡᠲᠡᠢ ᠲᠤᠬᠠᠢ ᠶᠢᠨ ᠲᠠᠯᠠᠪᠤᠷ ᠤᠨ ᠳᠠᠬᠢᠯᠭ᠎ᠠ ᠶᠢ ᠬᠡᠷᠡᠭᠵᠢᠭᠦᠯᠬᠦ ᠪᠠᠷ ᠲᠣᠭᠲᠠᠪᠠ᠃ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ᠨᠢᠭᠡ᠂ ᠬᠠᠩᠰᠢ ᠶᠢᠨ ᠬᠤᠭᠤᠴᠠᠭᠠᠨ ᠳᠠᠬᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠭᠤᠳᠠᠮ ᠲᠠᠯᠠᠪᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ1. ᠲᠤᠬᠠᠢ ᠶᠢᠨ ᠲᠠᠯᠠᠪᠠᠶ ᠶᠢᠨ ᠳᠠᠬᠢᠯᠭ᠎ᠠ ᠳᠤ ᠣᠷᠣᠯᠴᠠᠭᠰᠠᠨ ᠨᠢᠭᠡᠴᠡ ᠶᠢᠨ ᠣᠷᠤᠯᠴᠠᠬᠤ ᠬᠥᠮᠥᠨ ᠤ ᠲᠤᠭ᠎ᠠ ᠶᠢ 50 ᠬᠥᠮᠥᠨ ᠤ ᠳᠣᠲᠣᠷ᠎ᠠ ᠴᠢᠩᠭ᠎ᠠ ᠬᠢᠵᠠᠭᠠᠷᠯᠠᠵᠤ᠂ ︽ᠬᠡᠨ ᠵᠣᠬᠢᠶᠠᠨ ᠪᠠᠶᠢᠭᠤᠯᠪᠠᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠳᠠᠬᠢᠯᠭ᠎ᠠ ᠶᠢ ᠨᠢᠭᠲᠠ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ᠡᠭᠦᠨ ᠤ ᠬᠠᠮᠲᠤ ᠠᠵᠢᠯᠯᠠᠭ᠎ᠠ ᠳᠤ ᠣᠷᠣᠯᠴᠠᠭᠰᠠᠨ ᠨᠢᠭᠡᠴᠡ᠂ ᠬᠥᠮᠥᠨ ᠤ ᠲᠤᠭ᠎ᠠ᠂ ᠬᠤᠯᠪᠣᠭᠠᠴᠢᠨ ᠵᠢᠴᠢ ᠬᠠᠷᠢᠯᠴᠠᠬᠤ ᠠᠷᠭ᠎ᠠ ᠮᠠᠶ᠋ᠢᠭ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠠᠲ᠋ᠧᠷᠢᠶᠠᠯ ︵ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ︶ ᠢ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠴᠠᠭ ᠲᠤᠬᠠᠢ ᠳᠤᠨᠢ ᠤᠷᠢᠳᠴᠢᠯᠠᠨ ᠮᠡᠳᠡᠭᠦᠯᠬᠦ ᠶᠢᠨ ᠬᠠᠮᠲᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠵᠦᠢ ᠵᠣᠬᠢᠰᠲᠠᠢ ᠲᠥᠯᠥᠪᠵᠢᠭᠦᠯᠦᠭᠰᠡᠨ ᠴᠠᠭ ᠬᠤᠭᠤᠴᠠᠭ᠎ᠠ ᠶᠢ ᠦᠨᠳᠦᠰᠦᠯᠡᠨ ᠣᠷᠭᠢᠯ ᠦᠶ᠎ᠡ ᠶᠢ ᠰᠤᠯᠠᠯᠠᠨ ᠱᠦᠭᠦᠷᠳᠡᠬᠦ ᠠᠷᠭ᠎ᠠ ᠮᠠᠶ᠋ᠢᠭ ᠢᠶᠠᠷ ᠠᠵᠢᠯᠯᠠᠭ᠎ᠠ ᠥᠷᠨᠢᠭᠦᠯᠬᠦ ᠬᠡᠷᠡᠭᠲᠡᠢ᠃2᠂ ᠱᠦᠭᠦᠷᠳᠡᠯᠲᠡ ᠳᠤ ᠣᠷᠣᠯᠴᠠᠭᠰᠠᠳ ᠡᠮᠴᠢᠯᠡᠭᠡᠨ ᠳᠤ ᠬᠡᠷᠡᠭᠯᠡᠬᠦ ᠠᠮᠠᠪᠴᠢ ᠶᠢ ᠪᠥᠬᠦ ᠶᠠᠪᠤᠴᠠ ᠳᠤ ᠨᠢᠭᠡ ᠯᠡ ᠤᠳᠠᠭ᠎ᠠ ᠬᠡᠷᠡᠭᠯᠡᠬᠦ᠂ ᠨᠢᠭᠡ ᠮᠧᠲᠷ ᠠᠴᠠ ᠳᠡᠭᠡᠭᠰᠢ ᠵᠠᠢ ᠵᠠᠪᠰᠠᠷ ᠲᠠᠢ ᠪᠠᠶᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠡᠮᠦᠨ᠎ᠡ 14 ᠡᠳᠦᠷ ᠤᠨ ᠳᠣᠲᠣᠷ᠎ᠠ ᠠᠭᠤᠰᠬᠢᠨ ᠦᠷᠪᠢᠰᠦᠯ ᠤᠨ ᠰᠡᠵᠢᠭᠯᠡᠯᠲᠡᠢ ᠪᠠᠶᠢᠳᠠᠯ᠂ ᠬᠢᠵᠢᠭ ᠤᠨ ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠤ ᠬᠥᠮᠥᠰ ᠲᠠᠢ ᠣᠶᠢᠷᠠᠲᠤᠭᠰᠠᠨ ᠲᠡᠦᠬᠡ᠂ ᠬᠢᠵᠢᠭ ᠤᠨ ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠳᠤ ᠰᠠᠭᠠᠲᠠᠭᠰᠠᠨ ᠲᠡᠦᠬᠡ ᠪᠤᠶᠤ ᠬᠠᠯᠠᠭᠤᠷᠠᠭᠰᠠᠨ᠂ ᠬᠠᠨᠢᠶᠠᠯᠭᠠᠭᠰᠠᠨ ᠵᠡᠷᠭᠡ ᠪᠤᠰᠤᠳ ᠰᠡᠵᠢᠭᠯᠡᠯᠲᠡᠢ ᠪᠠᠶᠢᠳᠠᠯ ᠲᠠᠢ ᠪᠠᠶᠢᠪᠠᠯ᠂ ᠪᠤᠰᠤᠳ ᠬᠥᠮᠥᠰ ᠢ ᠰᠣᠯᠢᠵᠤ ᠣᠷᠣᠯᠴᠠᠭᠤᠯᠬᠤ ᠬᠡᠷᠡᠭᠲᠡᠢ᠃3. ᠲᠤᠬᠠᠢ   ᠶᠢᠨ ᠲᠠᠯᠠᠪᠠᠶ   ᠶᠢᠨ ᠲᠠᠬᠢᠯᠭ᠎ᠠ   ᠶᠢᠨ ᠠᠵᠢᠯᠯᠠᠭ᠎ᠠ   ᠶᠢ ᠥᠷᠨᠢᠭᠦᠯᠬᠦ ᠰᠠᠯᠠᠭ᠎ᠠ ᠮᠥᠴᠢᠷ ᠤᠳ ᠨᠠᠷᠢᠨ ᠨᠢᠮᠪᠠᠢ ᠪᠡᠯᠡᠳᠬᠡᠵᠦ᠂ ᠲᠤᠬᠠᠢ   ᠶᠢᠨ ᠲᠠᠯᠠᠪᠠᠶ   ᠶᠢᠨ ᠲᠥᠪ ᠬᠢᠴᠢᠶᠡᠩᠭᠦᠢ ᠪᠠᠶᠢᠬᠤ   ᠶᠢ ᠪᠠᠲᠤᠯᠠᠵᠤ᠂ ᠡᠯᠳᠡᠪ ᠶᠠᠭᠤᠮ᠎ᠠ   ᠶᠢ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠂ ᠲᠤᠬᠠᠢ   ᠶᠢᠨ ᠲᠠᠯᠠᠪᠠᠶ   ᠶᠢᠨ ᠠᠷᠢᠭᠤᠨ ᠴᠡᠪᠡᠷ   ᠢ ᠪᠠᠲᠤᠯᠠᠬᠤ ᠬᠡᠷᠡᠭᠲᠡᠢ᠃4. ᠡᠯ᠎ᠡ ᠨᠢᠭᠡᠴᠡ ᠠᠵᠢᠯᠯᠠᠭ᠎ᠠ ᠳᠤ ᠣᠷᠣᠯᠴᠠᠭᠰᠠᠨ ᠤ ᠳᠠᠷᠠᠭ᠎ᠠ ᠲᠤᠰ ᠨᠢᠭᠡᠴᠡ   ᠶᠢᠨ   ᠢᠶᠠᠨ ᠠᠵᠢᠯᠯᠠᠭ᠎ᠠ   ᠶᠢ ᠥᠷᠨᠢᠭᠦᠯᠦᠭᠰᠡᠨ ᠪᠠᠶᠢᠳᠠᠯ ᠵᠢᠴᠢ ᠳᠦᠷᠰᠦ ᠰᠢᠩᠭᠡᠭᠡᠯᠲᠡ   ᠶᠢᠨ ᠮᠠᠲ᠋ᠧᠷᠢᠶᠠᠯ   ᠢ ᠬᠤᠲᠠ   ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠰᠢᠤᠳᠠᠨ ᠤ ᠬᠠᠶᠢᠷᠴᠠᠭ ︵hlglstyjrswj@163.com︶ ᠲᠤ ᠮᠡᠳᠡᠭᠦᠯᠦᠨ ᠬᠦᠷᠭᠡᠨ᠎ᠡ᠃ᠬᠤᠶᠠᠷ᠂ ᠬᠠᠩᠰᠢ ᠶᠢᠨ ᠬᠤᠭᠤᠴᠠᠭᠠᠨ ᠳᠠᠬᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠢ ᠶᠢᠨ ᠳᠠᠬᠢᠯᠭ᠎ᠠ ᠶᠢᠨ ᠰᠠᠨᠠᠭᠠᠴᠢᠯᠠᠭ᠎ᠠ     ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠥᠷᠭᠡᠨ ᠣᠯᠠᠨ ᠰᠠᠭᠤᠭᠠᠯᠢ ᠠᠷᠠᠳ ᠢ ᠲᠤᠬᠠᠢ ᠶᠢᠨ ᠭᠠᠵᠠᠷ ᠲᠤᠨᠢ ᠲᠠᠬᠢᠯᠭ᠎ᠠ ᠬᠢᠬᠦ᠂ ᠰᠦᠯᠵᠢᠶᠡᠨ ᠳᠡᠭᠡᠷ᠎ᠡ ᠲᠠᠬᠢᠯᠭ᠎ᠠ ᠬᠢᠬᠦ ︵ᠬᠤᠤᠯᠢᠩᠭᠤᠤᠯ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠡᠶᠢᠲᠡ ᠶᠢᠨ ᠳ᠋ᠤᠭᠠᠷ ᠤᠨ ᠰᠦᠯᠵᠢᠶᠡᠨ ᠳᠡᠭᠡᠷ᠎ᠡ ᠲᠠᠬᠢᠯᠭ᠎ᠠ ᠬᠢᠬᠦ ᠲᠤᠰᠬᠠᠢ ᠪᠤᠯᠤᠩ︶᠂ ᠣᠷᠭᠢᠯ ᠵᠥᠷᠢᠭᠦᠯᠦᠨ ᠲᠠᠬᠢᠯᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠠᠵᠢᠯᠯᠠᠭ᠎ᠠ ᠥᠷᠨᠢᠭᠦᠯᠬᠦ ᠶᠢ ᠰᠠᠨᠠᠭᠠᠴᠢᠯᠠᠨ᠎ᠠ᠃ᠪᠢᠳᠡ ᠭᠠᠷ ᠭᠠᠷ ᠢᠶᠠᠨ ᠬᠤᠯᠪᠣᠯᠴᠠᠨ᠂ ᠠᠮᠤᠷ ᠲᠦᠪᠰᠢᠨ ᠪᠣᠯᠪᠠᠰᠤᠨ ᠪᠣᠬᠢᠷᠳᠤᠯ ᠦᠭᠡᠢ ᠳᠠᠬᠢᠯᠭ᠎ᠠ ᠶᠢᠨ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠰᠢᠨ᠎ᠡ ᠬᠡᠪ ᠰᠤᠷᠲᠠᠯ ᠢ ᠳᠡᠯᠭᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠲᠤ ᠪᠠᠬᠢ ᠪᠠᠬᠢᠯᠡᠯᠲᠡ ᠶᠢ ᠪᠠᠶᠢᠭᠤᠯᠵᠤ᠂ ︽ᠠᠮᠤᠷ ᠠᠮᠤᠭᠤᠯᠠᠩ᠂ ᠡᠮᠬᠢ ᠳᠢᠭᠯᠢᠮ ᠲᠠᠢ᠂ ᠪᠣᠬᠢᠷᠳᠤᠯ ᠦᠭᠡᠢ᠂ ᠪᠣᠯᠪᠠᠰᠤᠨ︾ᠬᠠᠩᠰᠢ ᠶᠢ ᠬᠠᠮᠲᠤᠪᠠᠷ ᠥᠩᠭᠡᠷᠡᠭᠦᠯᠦᠶ᠎ᠡ᠃      ᠬᠠᠷᠢᠯᠴᠠᠬᠤ ᠬᠥᠮᠥᠨ᠄ ᠯᠦ ᠰᠢᠶᠣᠣ ᠯᠦᠩ                        ᠤᠲᠠᠰᠤ᠄ 0475-7961907︔ 15004904895
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号