ᠬᠤᠲᠠ ᠶᠢᠨ ᠠᠷᠠᠳ ᠤᠨ ᠰᠢᠭᠦᠬᠦ ᠬᠤᠷᠢᠶ᠎ᠠ  ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠡᠭᠡ ᠶᠠᠷᠢᠯᠴᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/12
   ︽ᠬᠤᠷᠢᠳᠤᠭᠠᠷ ᠶᠡᠭᠡ ᠬᠤᠷᠠᠯ   ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ   ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠪᠣᠳᠠᠲᠠᠢ ᠭᠦᠨᠵᠡᠭᠡᠶᠢᠷᠡᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠶᠡᠭᠡ ᠶᠠᠷᠢᠯᠴᠠᠭᠠᠨ ᠤ ᠠᠵᠢᠯᠯᠠᠭ᠎ᠠ ᠶᠢᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠤᠳᠤᠷᠢᠳᠬᠤ ᠪᠠᠭ ᠤᠨ ᠪᠦᠷᠢᠯᠳᠦᠭᠦᠨ ᠨᠠᠷ ᠨᠡᠶᠢᠲᠡᠯᠢᠭ ᠬᠡᠷᠡᠭ ᠤᠨ ᠲᠣᠭᠤᠷᠢᠨ ᠳᠤ᠂ ᠣᠶᠢᠯᠠᠭᠠᠭᠳᠠᠬᠤᠨ᠂ ᠠᠷᠭ᠎ᠠ᠂ ᠠᠷᠭ᠎ᠠ ᠬᠡᠮᠵᠢᠶ᠎ᠡ ᠵᠡᠷᠭᠡ ᠲᠠᠯ᠎ᠠ   ᠠᠴᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ   ᠢ ᠰᠢᠯᠢᠳᠡᠭᠵᠢᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ   ᠶᠢ ᠭᠦᠨᠵᠡᠭᠡᠢ ᠪᠠᠶᠢᠴᠠᠭᠠᠨ ᠦᠵᠡᠵᠦ᠂ ᠠᠰᠠᠭᠤᠳᠠᠯ ᠤᠨ ᠡᠭᠦᠰᠦᠭᠰᠡᠨ ᠭᠦᠨ ᠳᠠᠪᠬᠤᠷᠭ᠎ᠠ   ᠶᠢᠨ ᠰᠢᠯᠲᠠᠭᠠᠨ ᠢ ᠭᠦᠨᠵᠡᠭᠡᠢ ᠵᠠᠳᠠᠯᠤᠨ ᠳ᠋ᠦᠩᠨᠡᠭᠰᠡᠨ ᠪᠥᠭᠡᠳ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ   ᠶᠢ ᠲᠣᠳᠣᠷᠬᠠᠶᠢᠯᠠᠭᠰᠠᠨ ᠪᠠᠶᠢᠨ᠎ᠠ᠃

    ᠬᠤᠷᠠᠯ ᠠᠴᠠ᠂ ︽ᠰᠤᠷᠤᠯᠴᠠᠬᠤ ᠪᠠᠷ ᠥᠭᠡᠷᠡᠴᠢᠯᠡᠯᠲᠡ ᠶᠢ ᠠᠬᠢᠭᠤᠯᠬᠤ︾ ᠶᠢ ᠪᠠᠷᠢᠮᠲᠠᠯᠠᠵᠤ᠂ ᠰᠢ ᠶᠢᠨ ᠫᠢᠩ  ᠤᠨ

ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠬᠠᠤᠯᠢᠵᠢᠯ ᠤᠨ ᠡᠵᠡᠩᠨᠡᠯᠲᠡ ᠶᠢᠨ

ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢᠨ ᠰᠤᠷᠤᠯᠴᠠᠯᠭ᠎ᠠ ᠶᠢ ᠦᠷᠭᠦᠯᠵᠢᠯᠡᠨ

ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠬᠦ ᠦᠵᠡᠯ ᠰᠠᠨᠠᠭᠠᠨ ᠤ ᠰᠠᠭᠤᠷᠢ

ᠪᠣᠯᠣᠨ ᠤᠨᠤᠯ ᠤᠨ ᠰᠠᠭᠤᠷᠢ ᠶᠢ ᠪᠠᠲᠤᠳᠬᠠᠬᠤ ᠬᠡᠷᠡᠭᠲᠡᠢ᠃︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠶᠢ

ᠪᠠᠷᠢᠮᠲᠠᠯᠠᠵᠤ᠂ ᠰᠤᠳᠤᠯᠤᠨ ᠶᠠᠷᠢᠯᠴᠠᠵᠤ ᠪᠠᠶᠢᠴᠠᠭᠠᠨ ᠦᠵᠡᠭᠡᠳ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ

ᠥᠭᠡᠷᠡᠴᠢᠯᠡᠬᠦ ᠡᠬᠡ ᠲᠠᠩᠰᠠ ᠪᠠᠶᠢᠭᠤᠯᠵᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠲᠣᠭᠲᠠᠭᠠᠵᠤ᠂

ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠤᠨ᠂ ᠰᠢᠭᠦᠬᠦ ᠬᠤᠷᠢᠶᠠᠨ ᠤ ᠬᠠᠤᠯᠢ ᠬᠡᠷᠡᠭᠵᠢᠭᠦᠯᠵᠦ

ᠬᠡᠷᠡᠭ ᠰᠢᠢᠳᠪᠦᠷᠢᠯᠡᠬᠦ ᠭᠦᠨ ᠳᠠᠪᠬᠤᠷᠭ᠎ᠠ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ︽ᠬᠡᠷᠡᠭ ᠢᠶᠠᠷ

ᠪᠠᠶᠢᠭᠤᠯᠤᠯᠲᠠ ᠶᠢ ᠠᠬᠢᠭᠤᠯᠬᠤ︾ ᠶᠢ ᠪᠠᠷᠢᠮᠲᠠᠯᠠᠵᠤ᠂ ᠰᠤᠳᠤᠯᠤᠨ ᠶᠠᠷᠢᠯᠴᠠᠵᠤ ᠪᠠᠶᠢᠴᠠᠭᠠᠨ ᠦᠵᠡᠵᠦ ᠢᠯᠡᠷᠡᠭᠦᠯᠦᠭᠰᠡᠨ

ᠨᠡᠶᠢᠳᠡᠮ ᠤᠨ ᠴᠢᠨᠠᠷᠲᠠᠢ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠠᠵᠢᠯ ᠤᠨ ᠲᠣᠭᠲᠠᠴᠠ ᠪᠠᠶᠢᠭᠤᠯᠬᠤ ᠶᠢ

ᠠᠬᠢᠭᠤᠯᠵᠤ᠂ ᠳᠦᠷᠢᠮ ᠢᠶᠠᠷ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠲᠤᠳᠬᠠᠵᠤ᠂ ᠶᠡᠭᠡ

ᠶᠠᠷᠢᠯᠴᠠᠭᠠᠨ ᠤ ᠠᠵᠢᠯᠯᠠᠭ᠎ᠠ ᠶᠢᠨ ᠭᠦᠨᠵᠡᠭᠡᠶᠢᠷᠡᠵᠦ ᠪᠣᠳᠠᠲᠠᠶᠢᠵᠢᠬᠤ᠂ ᠠᠮᠵᠢᠯᠲᠠ ᠣᠯᠬᠤ ᠶᠢ ᠦᠨᠡᠨᠬᠦ ᠠᠬᠢᠭᠤᠯᠬᠤ

ᠬᠡᠷᠡᠭᠲᠡᠢ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号