ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠲᠠᠭᠠᠭᠠᠴᠢᠯᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠤᠷᠪᠠᠳᠤᠭᠠᠷ ᠡᠭᠡᠯᠵᠢ ᠶᠢᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠦᠷᠨᠢᠬᠦᠯᠪᠡ
ᠨᠡᠶᠢᠲᠡᠯᠡᠭᠰᠡᠨ ᠴᠠᠭ᠄
2022/4/12
     ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠡᠮᠬᠢ ᠵᠢᠷᠤᠮ ᠲᠠᠢ ᠦᠢᠯᠡᠳᠪᠦᠷᠢᠯᠡᠯ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠲᠠᠭᠠᠭᠠᠴᠢᠯᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠤᠷᠪᠠᠳᠤᠭᠠᠷ ᠡᠭᠡᠯᠵᠢ ᠶᠢᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠬᠠᠮᠠᠭᠠᠯᠠᠵᠤ ᠪᠠᠶᠢᠨ᠎ᠠ᠃ᠠᠵᠤ ᠠᠬᠤᠶᠢᠯᠠᠯ ᠤᠨ ᠬᠡᠪ ᠤᠨ ᠠᠵᠢᠯ ᠢ ᠨᠥᠯᠥᠭᠡᠯᠡᠬᠦ ᠦᠭᠡᠢ ᠶᠢᠨ ᠲᠥᠯᠥᠭᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠠᠯᠢ ᠲᠦᠷᠭᠡᠨ ᠢᠶᠠᠷ ᠪᠡᠶᠡᠯᠡᠭᠦᠯᠵᠦ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠲᠠᠳ ᠢ ᠵᠣᠬᠢᠶᠠᠨ ᠪᠠᠶᠢᠭᠤᠯᠤᠨ ᠴᠠᠭ ᠪᠦᠯᠦᠭ ᠬᠤᠪᠢᠶᠠᠨ ᠪᠠᠶᠢᠴᠠᠭᠠᠨ ᠰᠢᠯᠭᠠᠬᠤ ᠲᠤᠬᠠᠢ ᠶᠢᠨ ᠲᠠᠯᠠᠪᠤᠷ ᠲᠤ ᠣᠷᠣᠭᠤᠯᠵᠤ᠂ ᠨᠢᠭᠡ ᠮᠧᠲᠷ ᠠᠯᠤᠰᠯᠠᠵᠤ ᠡᠮᠬᠢ ᠵᠢᠷᠤᠮ ᠲᠠᠢ ᠮᠥᠷᠯᠡᠨ᠂ ᠺᠣᠳ᠋ ᠰᠢᠷᠪᠢᠵᠦ ᠳᠡᠩᠰᠡᠯᠡᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠪᠥᠭᠡᠮ ᠬᠦᠴᠢᠯ ᠢ ᠴᠤᠭᠯᠠᠭᠤᠯᠤᠭᠰᠠᠨ ᠤ ᠳᠠᠷᠠᠭ᠎ᠠ ᠳᠠᠷᠤᠢ ᠲᠦᠷᠭᠡᠨ ᠰᠠᠯᠵᠤ᠂ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠵᠦ᠂ ᠠᠵᠢᠯᠲᠠᠨ ᠤ ᠭᠠᠭᠴᠠ ᠴᠢᠭᠯᠡᠯ ᠢᠶᠠᠷ ᠰᠢᠯᠵᠢᠬᠦ ᠶᠢ ᠪᠡᠶᠡᠯᠡᠭᠦᠯᠵᠦ᠂ ᠬᠦᠯᠢᠶᠡᠬᠦ ᠴᠠᠭ ᠢ ᠠᠷᠪᠢᠯᠠᠬᠤ ᠶᠢᠨ ᠬᠠᠮᠲᠤ ᠪᠠᠰᠠ ᠬᠥᠮᠥᠨ ᠴᠤᠭᠯᠠᠷᠠᠬᠤ ᠠᠴᠠ ᠵᠠᠶᠢᠯᠠᠰᠬᠢᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号