ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠵᠠᠰᠠᠯᠲᠠ ᠶᠢ ᠴᠢᠩᠭᠠᠳᠬᠠᠨ᠎ᠠ ︱ᠬᠤᠤᠯᠢᠩᠭᠤᠤᠯ ᠬᠤᠲᠠ ᠶᠢᠨ ᠬᠢᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠭᠰᠠᠨ ᠲᠤᠬᠠᠢ ᠪᠣᠳᠠᠲᠤ ᠲᠡᠮᠳᠡ᠊
ᠨᠡᠶᠢᠲᠡᠯᠡᠭᠰᠡᠨ ᠴᠠᠭ᠄
2022/4/14
    ᠳᠥᠷᠪᠡᠳᠦᠭᠡᠷ ᠰᠠᠷ᠎ᠠ ᠶᠢᠨ ᠬᠤᠤᠯᠢᠩᠭᠤᠤᠯ ᠶᠡᠷᠦᠨᠢ ᠬᠦᠢᠳᠡᠨ ᠲᠤᠯᠠᠭᠠᠨ ᠲᠡᠭᠰᠢ ᠦᠭᠡᠢ᠃ ᠬᠤᠳᠠ ᠪᠠᠷ ᠣᠷᠣᠵᠤ ᠭᠠᠷᠬᠤ ᠡᠯ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠪᠣᠭᠤᠮᠲᠠ ᠳᠤ᠂ ᠵᠢᠵᠢᠭᠦᠷᠯᠡᠵᠦ ᠪᠠᠶᠢᠭ᠎ᠠ ᠨᠠᠮ ᠤᠨ ᠭᠡᠰᠢᠭᠦᠨ ᠺᠠᠳ᠋ᠷ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠬᠥᠪᠥᠩ ᠳ᠋ᠠᠴᠠᠩ ᠡᠮᠦᠰᠴᠦ᠂ ᠲᠡᠷᠭᠡ ᠳᠠᠷᠠᠭᠠᠯᠠᠨ ︽ᠬᠤᠶᠠᠷ ᠨᠣᠮᠧᠷ︾  ᠢ ᠪᠠᠶᠢᠴᠠᠭᠠᠪᠠ︔ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠨᠡᠶᠢᠭᠡᠮ ᠲᠣᠭᠤᠷᠢᠭ ᠤᠨ ᠠᠵᠢᠯᠲᠠᠨ ᠪᠠ ᠰᠦᠯᠵᠢᠶᠡᠨ ᠤ ᠠᠵᠢᠯᠲᠠᠨ ᠭᠠᠷ ᠲᠠᠭᠠᠨ ᠲᠤᠭ᠎ᠠ ᠪᠠᠷᠢᠮᠲᠠ ᠶᠢᠨ ᠪᠦᠷᠢᠳᠭᠡᠯ ᠢ ᠠᠳᠬᠤᠵᠤ᠂ ᠵᠡᠭᠡᠯᠢ ᠭᠤᠳᠤᠮᠵᠢ ᠪᠠᠷ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠨ᠎ᠠ︔ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠠᠵᠢᠯᠲᠠᠳ ᠴᠠᠭ ᠢᠮᠠᠭᠲᠠ ᠲᠣᠮᠣ ᠳᠡᠯᠭᠡᠴᠡ ᠶᠢ ᠠᠵᠢᠭᠯᠠᠵᠤ᠂ ᠡᠯ᠎ᠡ ᠲᠦᠷᠦᠯ ᠤᠨ ᠮᠡᠳᠡᠭᠡ ᠵᠠᠩᠭᠢ ᠶᠢ ᠰᠢᠢᠳᠪᠦᠷᠢᠯᠡᠬᠦ᠂ ᠰᠢᠯᠵᠢᠭᠦᠯᠬᠦ᠂ ᠲᠤᠰᠢᠶᠠᠨ ᠭᠦᠢᠴᠡᠳᠬᠡᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠨ᠎ᠠ ᠁ ᠪᠦᠯᠦᠭ ᠪᠦᠯᠦᠭ ᠢᠶᠠᠷ︽ᠬᠤᠪᠢᠰᠬᠠᠯ︾︾ ᠢ ᠡᠯ᠎ᠡ ᠲᠦᠷᠦᠯ ᠤᠨ ᠠᠵᠢᠯ ᠳᠤ ᠠᠭᠤᠰᠤᠯᠴᠠᠭᠤᠯᠵᠤ᠂ ︽ᠲᠠᠯ᠎ᠠ ᠨᠤᠲᠤᠭ ᠤᠨ ᠬᠥᠩᠭᠡᠨ ᠴᠠᠭᠠᠨ ᠤ ᠬᠤᠳᠠ︾ ᠶᠢᠨ ᠠᠮᠤᠷ ᠲᠣᠭᠲᠠᠭᠤᠨ᠂ ᠥᠯᠵᠡᠢ ᠪᠡᠯᠭᠡ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ ᠪᠠᠶᠢᠨ᠎ᠠ᠃

   ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ

ᠲᠤᠷᠰᠢᠯᠲᠠ ᠶᠢᠨ ᠬᠤᠳᠠ ᠶᠢ ᠪᠠᠶᠢᠭᠤᠯᠤᠭᠰᠠᠨ ᠠᠴᠠ ᠨᠠᠰᠢ᠂ ᠬᠤᠤᠯᠢᠩᠭᠤᠤᠯ ᠬᠤᠳᠠ ᠶᠢᠨ ᠡᠯ᠎ᠡ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠵᠤ᠂

ᠨᠡᠶᠢᠭᠡᠮ ᠤᠨ ᠵᠠᠰᠠᠯᠲᠠ ᠳᠤ ᠲᠤᠤᠱᠯᠠᠭᠤᠯᠵᠤ᠂ ᠨᠡᠶᠢᠭᠡᠮ ᠤᠨ ᠵᠠᠰᠠᠯᠲᠠ ᠶᠢ ᠪᠠᠲᠤᠯᠠᠵᠤ᠂ ᠨᠠᠮ ᠤᠨ ᠵᠣᠬᠢᠶᠠᠨ

ᠪᠠᠶᠢᠭᠤᠯᠤᠯᠲᠠ ᠠᠴᠠ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ︽ᠡᠴᠦᠰ ᠤᠨ ᠨᠢᠭᠡ ᠮᠧᠲᠷ︾︾ ᠢ ᠦᠨᠡᠨᠬᠦ

ᠨᠠᠪᠲᠠᠷᠡᠭᠦᠯᠵᠦ᠂ ᠵᠠᠰᠠᠯᠲᠠ ᠶᠢᠨ ᠰᠢᠨ᠎ᠡ ᠶᠢ ᠡᠭᠦᠳᠬᠦ ︽ᠬᠠᠪᠤᠷ ᠤᠨ ᠤᠯᠠᠷᠢᠯ︾ ᠢ ᠠᠮᠢᠯᠠᠭᠤᠯᠤᠭᠰᠠᠨ ᠪᠠᠶᠢᠨ᠎ᠠ᠃

︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ︾ ᠴᠢᠭᠯᠡᠯ ᠢ ᠠᠳᠬᠤᠪᠠ

    ᠬᠤᠤᠯᠢᠩᠭᠤᠤᠯ ᠬᠤᠲᠠ ᠶᠢᠨ ᠬᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ

ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ︽ᠨᠢᠭᠡᠳᠦᠭᠡᠷ ᠬᠠᠷᠢᠭᠤᠴᠠᠯᠭᠠᠲᠠᠨ ᠤ ᠢᠨᠵᠧᠨᠧᠷᠢᠩ︾ ᠪᠣᠯᠭᠠᠵᠤ᠂

ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠪᠠᠷ ᠬᠤᠣᠰ

ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠮᠤᠭᠤᠯᠠᠩ ᠬᠤᠤᠯᠢᠩᠭᠤᠤᠯ ᠤᠨ ᠪᠦᠲᠦᠭᠡᠨ ᠪᠠᠶᠢᠭᠤᠯᠤᠯᠲᠠ ᠶᠢᠨ

ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠯᠪᠠᠨ ᠭᠡᠷ ᠢ ᠬᠤᠲᠠ ᠶᠢᠨ ᠨᠠᠮ ᠤᠨ ᠬᠤᠷᠢᠶ᠎ᠠ ᠶᠢᠨ

ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠤ ᠲᠣᠬᠢᠷᠠᠭᠤᠯᠤᠨ᠂ ᠳᠣᠣᠷ᠎ᠠ ᠨᠢ 26 ᠠᠵᠢᠯ ᠤᠨ ᠲᠤᠰᠬᠠᠢ

ᠠᠩᠭᠢ ᠭᠠᠷᠭᠠᠵᠤ᠂ ᠡᠯ᠎ᠡ ᠲᠦᠷᠦᠭᠦᠯᠡᠨ ᠬᠠᠷᠢᠭᠤᠴᠠᠬᠤ ᠨᠢᠭᠡᠴᠡ᠂ ᠬᠠᠷᠢᠭᠤᠴᠠᠯᠭᠠᠲᠤ ᠨᠢᠭᠡᠴᠡ ᠪᠠ ᠰᠤᠮᠤ ︵ᠵᠡᠭᠡᠯᠢ

ᠭᠤᠳᠤᠮᠵᠢ︶ ᠳᠤ ᠲᠣᠰ ᠲᠣᠰ ︽ᠨᠢᠭᠡᠳᠦᠭᠡᠷ ᠭᠠᠷ︾ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ

ᠳᠤᠭᠤᠶᠢᠯᠠᠩ ᠢ ᠪᠠᠶᠢᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ

ᠲᠤᠷᠰᠢᠯᠲᠠ ᠶᠢᠨ ︽1+26+N︾ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠰᠢᠰᠲ᠋ᠧᠮᠵᠢ ᠶᠢ

ᠪᠦᠷᠢᠯᠳᠦᠭᠦᠯᠪᠡ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠵᠣᠬᠢᠶᠠᠨ ᠪᠠᠶᠢᠭᠤᠯᠤᠯᠲᠠ ᠶᠢᠨ

ᠤᠳᠤᠷᠢᠳᠤᠯᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ

ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃

    ᠡᠭᠦᠨ ᠤ ᠬᠠᠮᠲᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ︽ᠬᠡᠷᠬᠢᠨ ᠵᠠᠰᠠᠬᠤ︾

ᠲᠣᠭᠤᠷᠢᠨ ᠳᠤ᠂ ᠬᠤᠲᠠ ᠶᠢᠨ ᠨᠠᠮ ᠤᠨ ᠬᠤᠷᠢᠶ᠎ᠠ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠵᠦ᠂ ᠪᠥᠬᠦ

ᠬᠡᠪᠴᠢᠶᠡᠨ ᠳᠤ ᠬᠤᠪᠢᠰᠬᠠᠯ ᠤᠨ ᠬᠥᠳᠡᠯᠭᠡᠭᠦᠷ᠂ ᠠᠷᠠᠳ ᠤᠨ ᠬᠦᠰᠡᠯ ᠱᠠᠭᠠᠷᠳᠠᠯᠭ᠎ᠠ ᠶᠢ ᠬᠠᠮᠲᠤ ᠳᠤᠨᠢ ᠬᠠᠩᠭᠠᠬᠤ᠂

ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ︽ᠭᠤᠷᠪᠠᠨ ᠶᠡᠭᠡ ᠢᠨᠵᠧᠨᠧᠷᠢᠩ︾ ᠢ ᠬᠡᠷᠡᠭᠵᠢᠭᠦᠯᠬᠦ ᠶᠢ

ᠲᠦᠯᠬᠢᠨ ᠠᠬᠢᠭᠤᠯᠪᠠ᠃

    ︽ᠬᠤᠪᠢᠰᠬᠠᠯ ᠤᠨ ᠬᠥᠳᠡᠯᠭᠡᠭᠦᠷ︾  ᠤᠨ ᠢᠨᠵᠧᠨᠧᠷᠢᠩ ᠢ ᠪᠣᠳᠠᠲᠠᠢ ᠪᠠᠷ ᠬᠢᠨ᠎ᠡ᠃ ᠦᠨᠳᠦᠰᠦᠨ ᠱᠠᠲᠤᠨ ᠤ

ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ ᠰᠤᠮᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵

ᠨᠡᠶᠢᠭᠡᠮ ᠲᠣᠭᠤᠷᠢᠭ︶ ᠳᠤ ︽ᠤᠯᠠᠭᠠᠨ ᠲᠦᠷᠦᠭᠦᠲᠦ ᠭᠠᠯᠠᠭᠤ᠂ ᠤᠯᠠᠭᠠᠨ ᠵᠢᠭᠰᠠᠭᠠᠯ ᠤᠨ ᠭᠠᠵᠠᠷ᠂ ᠤᠯᠠᠭᠠᠨ ᠡᠰ᠂

ᠤᠯᠠᠭᠠᠨ ᠠᠳᠠᠯ ᠠᠬᠤᠢ︾ ᠵᠡᠷᠭᠡ ᠬᠤᠪᠢᠰᠬᠠᠯ ᠤᠨ ᠭᠧᠨ ᠢ ᠭᠦᠨ ᠳᠠᠷᠢᠵᠤ᠂ ᠰᠤᠮᠤ ︵ᠵᠡᠭᠡᠯᠢ ᠭᠤᠳᠤᠮᠵᠢ︶᠂

ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ

ᠭᠤᠣᠯᠯᠠᠭᠴᠢ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ

ᠰᠠᠭᠤᠷᠢ ᠶᠢ ᠪᠠᠬᠢᠵᠢᠭᠦᠯᠪᠡ᠃

    ︽ᠠᠷᠠᠳ ᠤᠨ ᠳᠠᠭᠤᠳᠠᠯᠭ᠎ᠠ ᠶᠢ ᠪᠢᠳᠡ ᠠᠷᠭᠠᠴᠠᠬᠤ︾ ᠢᠨᠵᠧᠨᠧᠷᠢᠩ᠂ ︽ᠠᠵᠢᠯ︾︾ ᠢ ᠪᠣᠳᠠᠲᠠᠢ ᠪᠠᠷ ᠬᠢᠨ᠎ᠡ᠃

ᠬᠤᠲᠠ᠂ ᠰᠤᠮᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ︽

ᠠᠷᠠᠳ ᠤᠨ ᠳᠠᠭᠤᠳᠠᠯᠭ᠎ᠠ ᠪᠠ ᠪᠢᠳᠡ ᠬᠠᠷᠢᠯᠴᠠᠨ ᠬᠠᠮᠵᠢᠯᠴᠠᠬᠤ᠂ ᠨᠠᠮ ᠪᠠ ᠣᠯᠠᠨ ᠲᠦᠮᠡᠨ ᠬᠠᠮᠲᠤᠪᠠᠷ ᠵᠠᠰᠠᠬᠤ︾

ᠠᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ᠰᠦᠯᠵᠢᠶᠡᠨ ᠳᠡᠭᠡᠷ᠎ᠡ᠂ ︽ᠰᠦᠯᠵᠢᠶᠡᠨ ᠳᠡᠭᠡᠷᠡᠬᠢ ᠨᠠᠮ ᠪᠠ ᠣᠯᠠᠨ

ᠲᠦᠮᠡᠨ ᠤ ᠭᠡᠷ︾ ᠭᠡᠬᠦ ᠵᠢᠵᠢᠭ ᠵᠢᠷᠤᠮ ᠳᠤ ᠲᠦᠰᠢᠭᠯᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠥᠬᠦ

ᠲᠠᠯ᠎ᠠ ᠪᠠᠷ ᠭᠥᠯᠢᠶᠡᠨ ᠠᠪᠴᠤ ᠰᠢᠢᠳᠪᠦᠷᠢᠯᠡᠨ᠎ᠡ︔ ᠰᠦᠯᠵᠢᠶᠡᠨ ᠠᠴᠠ ᠭᠠᠳᠠᠨ᠎ᠠ᠂ ᠶᠡᠷᠦᠩᠬᠡᠶᠢᠯᠡᠨ ᠵᠠᠰᠠᠬᠤ ᠲᠥᠪ᠂

ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠳᠠᠮᠵᠢ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ

ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠵᠦ᠂ ᠲᠦᠷᠭᠡᠨ ᠢᠶᠠᠷ ᠬᠤᠯᠪᠤᠭᠠᠯᠠᠨ ᠬᠥᠳᠡᠯᠦᠯᠴᠡᠵᠦ

ᠬᠤᠲᠠ ᠶᠢᠨ ᠠᠷᠠᠳ ᠤᠨ ᠠᠵᠢᠯ ᠶᠠᠪᠤᠳᠠᠯ ᠰᠢᠢᠳᠪᠦᠷᠢᠯᠡᠬᠦ ᠶᠢᠨ ᠬᠦᠴᠢᠷᠳᠡᠯ ᠢ ᠰᠢᠢᠳᠪᠦᠷᠢᠯᠡᠵᠦ ᠥᠭᠭᠦᠨ᠎ᠡ᠃

    ︽ᠠᠮᠵᠢᠯᠲᠠ ᠪᠦᠲᠦᠮᠵᠢ ᠶᠢ ᠦᠨᠡᠯᠡᠨ ᠵᠢᠱᠢᠬᠦ︾ ᠢᠨᠵᠧᠨᠧᠷᠢᠩ ᠤᠨ ︽ᠬᠠᠷᠢᠭᠤᠴᠠᠯᠭ᠎ᠠ︾ ᠶᠢ ᠲᠣᠳᠣᠷᠬᠠᠢ

ᠪᠣᠯᠭᠠᠬᠤ ᠬᠡᠷᠡᠭᠲᠡᠢ᠃ ᠬᠢᠨᠠᠨ ᠰᠢᠯᠭᠠᠵᠤ ᠱᠠᠩᠨᠠᠵᠤ ᠲᠣᠷᠭᠠᠬᠤ ᠪᠠᠷ ︽ᠳᠣᠬᠢᠭᠤᠷ︾ ᠪᠣᠯᠭᠠᠵᠤ᠂ ᠨᠡᠶᠢᠭᠡᠮ ᠤᠨ

ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠦᠪᠵᠢᠭᠦᠯᠭᠡ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ

ᠵᠥᠪᠯᠡᠬᠦ ᠵᠦᠢᠯ ᠳᠡᠭᠡᠨ ᠣᠷᠣᠭᠤᠯᠵᠤ᠂ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ ᠢ

ᠲᠣᠭᠲᠠᠭᠠᠨ ᠲᠠᠷᠬᠠᠭᠠᠵᠤ᠂ 62 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠣᠨ ᠬᠤᠪᠢᠶᠠᠨ

193 ᠵᠦᠢᠯ ᠤᠨ ᠪᠣᠳᠠᠲᠠᠢ ᠬᠠᠷᠠᠯᠲᠠ ᠡᠭᠦᠷᠭᠡ ᠶᠢ ᠨᠠᠷᠢᠯᠢᠭᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠵᠢᠯ ᠪᠦᠷᠢ

ᠨᠡᠶᠢᠭᠡᠮ ᠤᠨ ᠵᠠᠰᠠᠯᠲᠠ ᠶᠢᠨ ᠬᠠᠷᠠᠯᠲᠠ ᠶᠢᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ᠂ ᠨᠠᠵᠠᠭᠠᠢ ᠲᠠᠯ᠎ᠠ ᠶᠢᠨ

ᠨᠠᠷᠢᠨ ᠲᠠᠩᠰᠠ ︽ᠭᠤᠷᠪᠠᠨ ᠨᠠᠷᠢᠨ ᠲᠠᠩᠰᠠ︾ ᠪᠠᠷ ᠡᠯ᠎ᠡ ᠨᠢᠭᠡᠴᠡ ᠶᠢᠨ ᠪᠦᠬᠦ ᠵᠢᠯ ᠤᠨ ᠠᠵᠢᠯ ᠢ ᠦᠨᠡᠯᠡᠵᠦ᠂

ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠡᠷᠭᠡᠪᠡᠷ ᠠᠳᠬᠤᠵᠤ

ᠬᠠᠮᠲᠤᠪᠠᠷ ᠪᠠᠶᠢᠭᠤᠯᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠥᠮ ᠢ ᠪᠠᠶᠢᠭᠤᠯᠤᠨ᠎ᠠ᠃

︽ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ︾ ᠪᠠᠷ ᠴᠢᠷᠮᠠᠶᠢᠵᠠᠢ

    ᠬᠤᠤᠯᠢᠩᠭᠤᠤᠯ ᠬᠤᠲᠠ ᠶᠢᠨ ︽ᠠᠰᠠᠷ ᠲᠠᠭᠲᠤ ᠶᠢᠨ ᠬᠤᠳᠠᠯᠳᠤᠭᠠᠨ ᠤ ᠲᠣᠭᠤᠷᠢᠭ ᠣᠯᠠᠨ᠂ ᠨᠡᠭᠦᠳᠡᠯ

ᠬᠥᠮᠥᠨ ᠠᠮᠠ ᠣᠯᠠᠨ᠂ ᠬᠠᠭᠤᠴᠢᠨ ᠵᠢᠵᠢᠭ ᠲᠣᠭᠤᠷᠢᠭ ᠣᠯᠠᠨ︾᠂ 80% ᠣᠷᠴᠢᠮ ᠤᠨ ᠦᠨᠳᠦᠰᠦᠨ ᠱᠠᠲᠤᠨ ᠤ

ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠬᠤᠲᠠ ᠶᠢᠨ ᠲᠣᠭᠤᠷᠢᠭ ᠲᠤ ᠲᠠᠷᠬᠠᠵᠤ ᠪᠠᠶᠢᠨ᠎ᠠ᠃

ᠡᠳᠡᠭᠡᠷ ︽ᠬᠤᠪᠢᠰᠬᠠᠯ︾︾ ᠤᠨ ᠬᠦᠴᠦᠨ ᠢ ᠬᠡᠷᠬᠢᠨ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ ᠶᠢᠨ ᠲᠠᠯ᠎ᠠ ᠪᠠᠷ

ᠨᠠᠮ ᠤᠨ ᠪᠠᠶᠢᠭᠤᠯᠤᠯᠲᠠ ᠶᠢ ᠠᠳᠬᠤᠬᠤ︾︽ᠵᠠᠰᠠᠯᠲᠠ ᠶᠢᠨ ᠲᠠᠯ᠎ᠠ ᠪᠠᠷ ᠵᠠᠰᠠᠯᠲᠠ ᠶᠢ ᠠᠳᠬᠤᠬᠤ︾ ᠦᠵᠡᠭᠳᠡᠯ ᠢ

ᠰᠢᠢᠳᠪᠦᠷᠢᠯᠡᠬᠦ ᠨᠢ ᠨᠠᠮ ᠤᠨ ᠤᠳᠤᠷᠢᠳᠤᠯᠭ᠎ᠠ ᠶᠢ ᠨᠡᠶᠢᠭᠡᠮ ᠤᠨ ᠵᠠᠰᠠᠯᠲᠠ ᠳᠤ ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ

ᠪᠣᠯᠤᠭᠰᠠᠨ ᠪᠠᠶᠢᠨ᠎ᠠ᠃

    ᠲᠤᠰ ᠬᠤᠳᠠ ᠶᠢᠨ ᠬᠢᠨ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢᠨ ᠬᠢᠨ ᠢ

ᠵᠣᠬᠢᠴᠠᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ

ᠰᠢᠰᠲ᠋ᠧᠮ ᠢᠶᠠᠷ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠯᠳᠤᠭᠰᠠᠨ᠂ ᠲᠤᠤᠱᠲᠠᠢ ᠶᠠᠪᠤᠭᠳᠠᠭᠰᠠᠨ︽ᠬᠥᠳᠡᠯᠭᠡᠭᠦ

ᠬᠦᠴᠦᠨ ᠤ ᠭᠤᠣᠯ ᠲᠡᠩᠭᠡᠯᠢᠭ︾︾ ᠢ ᠪᠠᠶᠢᠭᠤᠯᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠪᠠᠭ᠎ᠠ ᠲᠣᠭᠤᠷᠢᠭ

ᠪᠣᠯᠣᠨ ᠨᠢᠭᠡᠴᠡ᠂ ᠠᠵᠢᠯ ᠲᠦᠷᠦᠯ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ

ᠣᠷᠭᠠᠨᠢᠭ ᠬᠤᠯᠪᠣᠭ᠎ᠠ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠣᠯᠣᠨ ᠵᠠᠰᠠᠯᠲᠠ ᠶᠢᠨ︽ᠨᠢᠭᠡ ᠬᠥᠯᠭᠡ ᠰᠢᠲᠠᠷ᠎ᠠ︾

 ᠶᠢᠨ ᠪᠠᠶᠢᠷᠢᠰᠢᠯ ᠢ ᠪᠦᠷᠢᠯᠳᠦᠭᠦᠯᠵᠡᠢ᠃

     ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠭᠤᠯᠳᠤ ᠪᠠᠷ ᠡᠴᠦᠰ ᠲᠤᠨᠢ ︽ᠬᠤᠲᠠ ᠶᠢᠨ ᠨᠠᠮ ᠤᠨ ᠬᠤᠷᠢᠶ᠎ᠠ

︱ ᠵᠡᠭᠡᠯᠢ ᠭᠤᠳᠤᠮᠵᠢ ᠶᠢᠨ ᠬᠠᠮᠲᠤᠷᠠᠭᠰᠠᠨ ᠨᠠᠮ ᠤᠨ ᠠᠵᠢᠯᠯᠠᠬᠤ ᠬᠤᠷᠢᠶ᠎ᠠ ︱ ᠨᠡᠶᠢᠭᠡᠮ ᠲᠣᠭᠤᠷᠢᠭ ᠤᠨ

ᠬᠠᠮᠲᠤᠷᠠᠭᠰᠠᠨ ᠨᠠᠮ ᠤᠨ ᠬᠤᠷᠢᠶ᠎ᠠ︾ ᠶᠢ ᠨᠢᠭᠡ ᠴᠣᠭᠴᠠᠵᠢᠭᠤᠯᠤᠭᠰᠠᠨ ᠪᠣᠰᠤᠭ᠎ᠠ ᠴᠣᠭᠴᠠᠲᠤ ᠵᠣᠬᠢᠶᠠᠨ

ᠪᠠᠶᠢᠭᠤᠯᠤᠯᠲᠠ ᠶᠢᠨ ᠪᠦᠲᠦᠴᠡ ᠶᠢ ᠰᠦᠪᠡᠭᠴᠢᠯᠡᠨ ᠪᠠᠶᠢᠭᠤᠯᠵᠤ᠂ 339 ᠵᠠᠰᠠᠭ ᠵᠠᠬᠢᠷᠭ᠎ᠠ ᠠᠵᠢᠯ ᠦᠢᠯᠡᠰ ᠤᠨ

ᠨᠢᠭᠡᠴᠡ᠂ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ

ᠵᠡᠷᠭᠡ ᠶᠢ ᠬᠤᠯᠪᠣᠭᠠᠲᠤ ᠴᠣᠭᠴᠠ ᠶᠢᠨ ᠪᠦᠷᠢᠯᠳᠦᠭᠦᠨ ᠳᠤ ᠣᠷᠣᠭᠤᠯᠤᠨ᠂ ᠬᠠᠤᠯᠢ ᠪᠠᠷ ᠵᠠᠰᠠᠬᠤ᠂ ᠰᠣᠶᠣᠯ᠂ ᠠᠵᠢᠯ

ᠣᠯᠭᠤᠯᠲᠠ ᠵᠡᠷᠭᠡ ᠵᠢᠷᠭᠤᠭᠠᠨ ᠬᠤᠯᠪᠣᠭ᠎ᠠ ᠶᠢ ᠪᠠᠶᠢᠭᠤᠯᠵᠤ᠂ ︽ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ

ᠬᠠᠮᠵᠢᠯᠴᠠᠭᠠᠨ ᠤ ᠬᠤᠯᠪᠣᠭᠠᠲᠤ ᠴᠣᠭᠴᠠ︾ ᠶᠢ ᠪᠣᠶ ᠪᠣᠯᠭᠠᠨ᠎ᠠ︔ ᠡᠭᠦᠨ ᠤ ᠬᠠᠮᠲᠤ᠂ ᠰᠠᠭᠤᠭᠠᠯᠢ ᠠᠷᠠᠳ ᠤᠨ

ᠲᠣᠭᠤᠷᠢᠭ᠂ ᠬᠤᠳᠠᠯᠳᠤᠭᠠᠨ ᠤ ᠲᠣᠭᠤᠷᠢᠭ᠂ ᠠᠰᠠᠷ ᠲᠠᠭᠲᠤ ᠪᠠᠷ ᠴᠢᠬᠤᠯᠠ ᠬᠠᠮᠢᠶᠠᠷᠤᠯᠲᠠ ᠶᠢᠨ ᠨᠢᠭᠡᠴᠢ ᠪᠣᠯᠭᠠᠵᠤ᠂

ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠣᠣᠷᠵᠢᠯ ᠪᠣᠯᠣᠨ ᠨᠡᠶᠢᠭᠡᠮ ᠤᠨ ᠵᠠᠰᠠᠯᠲᠠ ᠶᠢᠨ ᠲᠣᠣᠷᠵᠢᠯ ᠢ

ᠨᠢᠭᠡ ᠴᠣᠭᠴᠠᠵᠢᠭᠤᠯᠬᠤ ᠶᠢ ᠠᠬᠢᠭᠤᠯᠵᠤ᠂ ᠪᠦᠬᠦ ᠬᠤᠳᠠ ᠶᠢᠨ︽ᠨᠢᠭᠡ ᠲᠣᠣᠷ︾︾ ᠢ ᠪᠠᠲᠤᠯᠠᠵᠤ᠂ ᠡᠬᠢ ᠪᠠᠶᠠᠯᠢᠭ ᠢ

ᠬᠠᠮᠲᠤᠪᠠᠷ ᠡᠳ᠋ᠯᠡᠬᠦ᠂ ᠵᠢᠭᠰᠠᠭᠠᠯ ᠤᠨ ᠭᠠᠵᠠᠷ ᠢ ᠬᠠᠮᠲᠤᠪᠠᠷ ᠪᠠᠶᠢᠭᠤᠯᠬᠤ᠂ ᠴᠢᠳᠠᠪᠤᠷᠢᠲᠠᠨ ᠢ ᠬᠠᠮᠲᠤᠪᠠᠷ ᠬᠠᠮᠢᠶᠠᠷᠬᠤ᠂

ᠠᠵᠢᠯᠯᠠᠭ᠎ᠠ ᠶᠢ ᠬᠠᠮᠲᠤᠪᠠᠷ ᠡᠷᠬᠢᠯᠡᠬᠦ᠂ ᠦᠢᠯᠡᠴᠢᠯᠡᠭᠡ ᠶᠢ ᠬᠠᠮᠲᠤᠪᠠᠷ ᠠᠬᠢᠭᠤᠯᠬᠤ ᠶᠢ ᠪᠡᠶᠡᠯᠡᠭᠦᠯᠦᠨ᠎ᠡ᠃

ᠪᠦᠬᠦ ᠴᠠᠷᠠᠭᠠᠨ ᠤ ᠬᠤᠯᠪᠣᠯᠳᠤᠯ ᠦᠢᠯᠡᠳᠦᠯ ᠴᠢᠳᠠᠪᠤᠷᠢ ᠶᠢ ᠨᠡᠮᠡᠭᠳᠡᠭᠦᠯᠬᠦ

    ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠷᠠᠳ ᠤᠯᠠᠨ ᠤ ᠬᠠᠮᠤᠭ ᠠᠴᠠ

ᠠᠩᠬᠠᠷᠴᠤ ᠪᠠᠶᠢᠭ᠎ᠠ ᠰᠡᠳᠬᠢᠯ ᠢᠶᠠᠨ ᠵᠣᠪᠠᠭᠠᠬᠤ ᠶᠠᠪᠤᠳᠠᠯ᠂ ᠰᠡᠳᠬᠢᠯ ᠢᠶᠠᠨ ᠵᠣᠪᠠᠭᠠᠬᠤ ᠶᠠᠪᠤᠳᠠᠯ᠂ ᠰᠡᠳᠬᠢᠯ ᠢᠶᠠᠨ

ᠵᠣᠪᠠᠭᠠᠬᠤ ᠶᠠᠪᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠨᠠᠮ ᠤᠨ ᠪᠠᠶᠢᠭᠤᠯᠤᠯᠲᠠ ᠪᠠᠷ ᠬᠤᠳᠠ ᠶᠢᠨ ᠬᠡᠪᠴᠢᠶᠡᠨ ᠤ

ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ︽ᠬᠤᠣᠯᠢᠨ ᠭᠤᠣᠯ ᠤᠨ ᠵᠠᠮ︾  ᠢ ᠢᠳᠡᠪᠬᠢᠲᠡᠢ ᠬᠠᠶᠢᠨ

ᠰᠦᠪᠡᠭᠴᠢᠯᠡᠪᠡ᠃

     ︽ᠠᠷᠠᠳ ᠤᠨ ᠬᠦᠰᠡᠯ ᠱᠠᠭᠠᠷᠳᠠᠯᠭ᠎ᠠ ᠶᠢ ᠬᠠᠷᠢᠯᠴᠠᠨ ᠵᠣᠬᠢᠴᠠᠭᠤᠯᠵᠤ᠂ ᠨᠠᠮ ᠪᠠ ᠤᠯᠠᠨ ᠲᠦᠮᠡᠨ ᠬᠠᠮᠲᠤᠪᠠᠷ

ᠵᠠᠰᠠᠬᠤ︾ᠠᠵᠢᠯ ᠤᠨ ᠰᠢᠰᠲ᠋ᠥᠮ ᠢ ᠭᠦᠨᠵᠡᠭᠡᠢ ᠠᠬᠢᠭᠤᠯᠵᠤ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃︽ᠨᠠᠷᠢᠨ

ᠲᠠᠩᠰᠠ ᠶᠢᠨ ᠳᠦᠷᠢᠮ︾ ᠤᠨ ᠬᠠᠮᠢᠶᠠᠷᠤᠯᠲᠠ᠂ ︽ᠲᠥᠷᠥᠯ ᠵᠦᠶᠯᠴᠢᠯᠡᠭᠰᠡᠨ︾ ᠰᠢᠢᠳᠪᠦᠷᠢᠯᠡᠯᠲᠡ᠂ ︽ᠵᠡᠷᠭᠡ

ᠳᠡᠰ ᠤᠨ ᠳᠦᠷᠢᠮ︾ ᠤᠨ ᠰᠢᠢᠳᠪᠦᠷᠢᠯᠡᠯᠲᠡ ᠪᠠᠷ ᠳᠡᠮᠵᠢᠨ᠂ ᠨᠡᠶᠢᠭᠡᠮ ᠤᠨ ᠵᠠᠰᠠᠯᠲᠠ ᠶᠢ ︽ᠲᠠᠩ ᠴᠤᠯᠭᠤᠢ

ᠠᠬᠢᠭᠤᠯᠬᠤ︾ ᠪᠠᠶᠢᠭᠰᠠᠨ ᠠᠴᠠ ︽ᠬᠠᠮᠵᠢᠯᠴᠠᠨ ᠬᠦᠴᠦᠯᠡᠬᠦ︾ ᠳᠠᠰᠢ ᠬᠤᠪᠢᠷᠠᠭᠤᠯᠬᠤ ᠶᠢ ᠠᠬᠢᠭᠤᠯᠵᠤ᠂ ᠳᠥᠭᠦᠮ

ᠪᠦᠳᠦᠭᠦᠯᠢᠭ ᠪᠠᠶᠢᠭᠰᠠᠨ ᠠᠴᠠ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠳᠠᠰᠢ

ᠬᠤᠪᠢᠷᠠᠭᠤᠯᠬᠤ ᠶᠢ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠳᠠᠬᠢᠨ ᠲᠦᠷᠭᠡᠳᠬᠡᠵᠦ᠂ ᠵᠥᠷᠢᠴᠡᠯ ᠢ

ᠰᠢᠢᠳᠪᠦᠷᠢᠯᠡᠬᠦ ᠶᠢ ᠳᠠᠬᠢᠨ ᠤᠷᠢᠳᠴᠢᠯᠠᠵᠤ᠂ ᠰᠠᠭᠤᠭᠠᠯᠢ ᠠᠷᠠᠳ ᠲᠤ ᠦᠢᠯᠡᠴᠢᠯᠡᠬᠦ ᠦᠷ᠎ᠡ ᠪᠦᠲᠦᠮᠵᠢ ᠶᠢ ᠳᠠᠬᠢᠨ

ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ᠵᠢᠯ ᠤᠨ ᠡᠬᠢᠨ ᠠᠴᠠ ᠨᠠᠰᠢ᠂ ᠪᠥᠬᠦ ᠬᠤᠲᠠ ᠳᠤ ᠣᠯᠠᠨ ᠲᠦᠮᠡᠨ ᠤ ᠪᠠᠴᠢᠮ

ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠨᠡᠶᠢᠲᠡ 1200 ᠭᠠᠷᠤᠢ ᠰᠢᠢᠳᠪᠦᠷᠢᠯᠡᠵᠦ᠂ ᠬᠡᠷᠡᠭ ᠶᠠᠪᠤᠳᠠᠯ ᠢ

ᠰᠢᠢᠳᠪᠦᠷᠢᠯᠡᠬᠦ ᠴᠠᠭ ᠤᠨ ᠬᠢᠵᠠᠭᠠᠷ ᠢ 61.8% ᠪᠠᠷ ᠪᠠᠭᠠᠰᠬᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ

ᠪᠠᠶᠢᠬᠤ ᠨᠣᠷᠮ᠎ᠠ ᠶᠢ 93.6% ᠪᠣᠯᠲᠠᠯ᠎ᠠ ᠳᠡᠭᠡᠭᠰᠢᠯᠡᠭᠦᠯᠪᠡ᠃

    ︽ᠨᠠᠮ ᠤᠨ ᠪᠠᠶᠢᠭᠤᠯᠤᠯᠲᠠ ᠶᠢᠨ ᠵᠠᠮᠴᠢ · ᠬᠤᠪᠢᠰᠬᠠᠯ ᠤᠨ ᠠᠳᠠᠯ ᠠᠬᠤᠢ︾ ᠶᠢᠨ ᠢᠨᠵᠧᠨᠧᠷᠢᠩ ᠢ

ᠰᠦᠪᠡᠭᠴᠢᠯᠡᠨ ᠪᠠᠶᠢᠭᠤᠯᠤᠨ᠎ᠠ᠃ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ

ᠰᠠᠭᠤᠭᠠᠯᠢ ᠠᠷᠠᠳ ᠤᠨ ᠲᠣᠭᠤᠷᠢᠭ ᠲᠡᠰᠢ ᠪᠦᠬᠦ ᠲᠠᠯ᠎ᠠ ᠪᠠᠷ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂

ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠᠷ ᠤᠳᠤᠷᠢᠳᠬᠤ ᠭᠤᠣᠯᠯᠠᠭᠴᠢ ᠪᠣᠯᠭᠠᠭᠰᠠᠨ᠂

ᠰᠠᠭᠤᠭᠠᠯᠢ ᠠᠷᠠᠳ ᠤᠨ ᠵᠥᠪᠯᠡᠯ᠂ ᠠᠵᠢᠯ ᠦᠢᠯᠡᠰ ᠤᠨ ᠵᠥᠪᠯᠡᠯ᠂ ᠠᠳᠠᠯ ᠠᠬᠤᠢ ᠶᠢᠨ ᠺᠣᠮᠫᠠᠨᠢ ᠪᠣᠯᠣᠨ ᠰᠠᠶᠢᠨ

ᠳᠤᠷ᠎ᠠ ᠶᠢᠨ ᠠᠵᠢᠯᠯᠠᠭᠰᠠᠳ ᠤᠨ ᠬᠠᠮᠲᠤᠪᠠᠷ ᠣᠷᠣᠯᠴᠠᠭᠰᠠᠨ︽ᠬᠤᠪᠢᠰᠬᠠᠯ ᠤᠨ ᠳᠤᠷᠠᠰᠬᠠᠯᠲᠤ ᠠᠳᠠᠯ ᠠᠬᠤᠢ︾ ᠶᠢᠨ

ᠰᠢᠨ᠎ᠡ ᠪᠠᠶᠢᠷᠢᠰᠢᠯ ᠢ ᠪᠠᠶᠢᠭᠤᠯᠤᠨ᠎ᠠ᠃︽ᠬᠤᠪᠢᠰᠬᠠᠯ ᠤᠨ ᠳᠤᠷᠠᠰᠬᠠᠯᠲᠤ ᠠᠳᠠᠯ ᠠᠬᠤᠢ︾ ᠶᠢ ᠡᠭᠦᠳᠦᠨ

ᠪᠠᠶᠢᠭᠤᠯᠬᠤ ᠪᠠᠷ ᠳᠡᠮᠵᠢᠨ᠂ ᠲᠣᠰ ᠬᠤᠲᠠ ᠶᠢᠨ ᠬᠢᠨ ᠵᠢᠵᠢᠭ ᠲᠣᠭᠤᠷᠢᠭ ᠤᠨ ᠲᠡᠷᠭᠡ ᠵᠣᠭᠰᠤᠭᠠᠬᠤ ᠳᠤ ᠬᠦᠴᠢᠷᠲᠡᠢ

᠂ ᠠᠮᠤᠷ ᠲᠦᠪᠰᠢᠨ ᠤ ᠰᠡᠷᠭᠡᠶᠢᠯᠡᠯᠲᠡ ᠪᠠᠷ ᠠᠨᠠᠢ᠂ ᠭᠠᠯ ᠤᠨᠲᠠᠷᠠᠭᠠᠬᠤ ᠳᠠᠯᠳᠠ ᠬᠡᠮ ᠶᠡᠭᠡ ᠵᠡᠷᠭᠡ ᠨᠢᠭᠡ ᠪᠦᠯᠦᠭ

ᠪᠡᠷᠬᠡ ᠠᠰᠠᠭᠤᠳᠠᠯ ᠢ ᠤᠷᠢᠳ ᠬᠤᠵᠢᠳ ᠰᠢᠢᠳᠪᠦᠷᠢᠯᠡᠵᠦ᠂ ᠪᠣᠳᠠᠰ ᠤᠨ ᠬᠠᠮᠢᠶᠠᠷᠤᠯᠲᠠ ᠶᠢᠨ ᠵᠥᠷᠢᠴᠡᠯ ᠢ

ᠪᠦᠲᠦᠮᠵᠢᠲᠡᠶ ᠰᠢᠢᠳᠪᠦᠷᠢᠯᠡᠵᠦ᠂ ᠠᠳᠠᠯ ᠠᠬᠤᠢ ᠶᠢᠨ ᠰᠦᠢᠳᠬᠡᠯ ᠬᠤᠷᠢᠶᠠᠬᠤ ᠨᠣᠷᠮ᠎ᠠ ᠨᠢ ᠡᠭᠦᠳᠦᠨ ᠪᠠᠶᠢᠭᠤᠯᠬᠤ  

 ᠠᠴᠠ ᠡᠮᠦᠨ᠎ᠡ 40% ᠬᠦᠷᠬᠦ ᠦᠭᠡᠢ ᠪᠠᠶᠢᠭᠰᠠᠨ   ᠠᠴᠠ ᠪᠠᠨ ᠳᠡᠭᠡᠭᠰᠢᠯᠡᠭᠡᠳ ᠣᠳᠣᠬᠠᠨ ᠤ 90%   ᠠᠴᠠ

ᠳᠡᠭᠡᠭᠰᠢ ᠪᠣᠯᠤᠭᠰᠠᠨ ᠪᠠᠶᠢᠨ᠎ᠠ᠃

   ︽ᠳᠥᠷᠪᠡ ᠶᠢ ᠨᠢᠭᠡ ᠴᠣᠭᠴᠠᠵᠢᠭᠤᠯᠬᠤ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ

ᠭᠦᠨᠵᠡᠭᠡᠢ ᠬᠡᠷᠡᠭᠵᠢᠭᠦᠯᠦᠨ᠎ᠡ᠃ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠨᠠᠰᠤᠵᠢᠯ ᠤᠨ

ᠠᠰᠠᠷᠠᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂

ᠰᠢᠷᠬ᠎ᠠ ᠶᠢᠨ ᠡᠷᠡᠭᠦᠯᠵᠢᠯ ᠤᠨ ᠨᠠᠰᠤᠲᠠᠨ ᠢ ᠠᠰᠠᠷᠠᠬᠤ ᠬᠦᠷᠢᠶᠡᠯᠡᠩ ᠢᠶᠠᠷ ᠭᠤᠣᠯ ᠪᠣᠯᠭᠠᠭᠰᠠᠨ᠂ ᠨᠡᠶᠢᠭᠡᠮ

ᠲᠣᠭᠤᠷᠢᠭ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ᠂ ᠭᠡᠷ ᠲᠡᠭᠡᠨ ᠰᠠᠭᠤᠵᠤ ᠪᠠᠶᠢᠭ᠎ᠠ

ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠥᠷᠲᠡᠭᠡ ᠪᠠᠷ ᠬᠠᠪᠰᠤᠷᠤᠮᠵᠢ ᠪᠣᠯᠭᠠᠭᠰᠠᠨ᠂ ᠠᠷᠠᠳ ᠠᠴᠠ

ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠲᠥᠪ ᠢᠶᠠᠷ ᠨᠥᠬᠦᠪᠦᠷᠢ

ᠪᠣᠯᠭᠠᠭᠰᠠᠨ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠤᠨ᠎ᠠ᠃ᠣᠶᠤᠨᠯᠢᠭ

ᠨᠠᠰᠤᠵᠢᠯ ᠤᠨ ᠠᠰᠠᠷᠠᠮᠵᠢ ᠶᠢ ᠬᠠᠶᠢᠨ ᠰᠦᠪᠡᠭᠴᠢᠯᠡᠵᠦ᠂ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ

ᠣᠶᠤᠨᠯᠢᠭ ᠪᠠᠭᠤᠪᠴᠢ᠂ ᠣᠶᠤᠨᠯᠢᠭ ᠤᠲᠤᠭᠠᠨ ᠤ ᠮᠡᠳᠡᠷᠡᠮᠵᠢ᠂ ᠣᠶᠤᠨᠯᠢᠭ ᠤᠰᠤᠨ ᠮᠡᠳᠡᠷᠡᠮᠵᠢ ᠶᠢ ᠬᠢᠨᠠᠨ ᠬᠡᠮᠵᠢᠵᠦ

ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠶᠢ ᠲᠣᠬᠢᠷᠠᠭᠤᠯᠤᠨ᠎ᠠ᠃ ᠨᠠᠰᠤᠲᠠᠶᠢᠴᠤᠳ ᠲᠤ ᠰᠡᠳᠬᠢᠴᠡ ᠶᠢᠨ

ᠲᠠᠶᠢᠳᠬᠤᠷᠠᠭᠤᠯᠤᠯ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ ᠣᠷᠣᠯᠠᠨ ᠭᠦᠢᠴᠡᠳᠬᠡᠬᠦ᠂ ᠡᠮᠴᠢᠯᠡᠭᠡ ᠶᠢ

ᠲᠤᠰᠠᠯᠠᠬᠤ ᠵᠡᠷᠭᠡ ᠦᠢᠯᠡᠴᠢᠯᠡᠭᠡ ᠬᠠᠩᠭᠠᠬᠤ ᠶᠢ ᠪᠠᠶᠢᠩᠭᠤᠵᠢᠭᠤᠯᠵᠤ᠂ ︽ᠨᠠᠰᠤᠲᠠᠶᠢᠴᠤᠳ ᠢ ᠬᠠᠯᠠᠮᠵᠢᠯᠠᠨ

ᠬᠠᠶᠢᠷᠠᠯᠠᠬᠤ ᠥᠷᠲᠡᠭᠡ︾ ᠶᠢ ᠪᠣᠶ ᠪᠣᠯᠭᠠᠨ᠎ᠠ᠃

   ᠬᠠᠮᠲᠤ ᠪᠠᠷ ᠬᠡᠷᠡᠭᠯᠡᠬᠦ ᠤᠶᠤᠨ ᠤᠬᠠᠭᠠᠨ ᠤ ᠲᠠᠪᠴᠠᠩ ᠤᠨ ᠰᠢᠨ᠎ᠡ ᠶᠢ ᠡᠭᠦᠳᠦᠨ᠎ᠡ᠃ ᠦᠨᠳᠦᠰᠦᠨ ᠱᠠᠲᠤᠨ ᠤ

ᠨᠠᠮ ᠤᠨ ᠪᠠᠶᠢᠭᠤᠯᠤᠯᠲᠠ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂

ᠶᠡᠷᠦᠩᠬᠡᠶᠢᠯᠡᠨ ᠵᠠᠰᠠᠬᠤ ᠲᠥᠪ ᠤᠨ ᠵᠢᠯᠤᠭᠤᠳᠬᠤ ᠲᠠᠪᠴᠠᠩ ᠢᠶᠠᠷ ᠲᠤᠯᠭᠠᠭᠤᠷᠢᠯᠠᠯ ᠪᠣᠯᠭᠠᠵᠤ᠂ ︽ᠰᠦᠯᠵᠢᠶᠡᠨ

ᠳᠡᠭᠡᠷᠡᠬᠢ ᠨᠠᠮ ᠣᠯᠠᠨ ᠲᠦᠮᠡᠨ ᠤ ᠭᠡᠷ ᠪᠦᠯᠢ︾ ︽12345︾ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ

ᠡᠮᠬᠢᠯᠡᠨ ᠨᠡᠶᠢᠯᠡᠭᠦᠯᠵᠦ᠂ ᠪᠥᠬᠦ ᠬᠤᠲᠠ ᠶᠢᠨ 40 ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠠᠷᠢᠯᠴᠠᠨ

ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠠᠭᠤᠰᠤᠯᠴᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃

ᠶᠡᠷᠦᠩᠬᠡᠶᠢᠯᠡᠨ ᠵᠠᠰᠠᠬᠤ ᠬᠠᠷᠠᠭᠠᠨ ᠰᠦᠯᠵᠢᠶ᠎ᠡ ᠪᠠᠷ ᠰᠠᠭᠤᠷᠢ ᠪᠣᠯᠭᠠᠨ᠂ ᠭᠤᠷᠪᠠᠨ ᠱᠠᠲᠤᠨ ᠤ ᠵᠢᠯᠤᠭᠤᠳᠬᠤ

ᠰᠢᠰᠲ᠋ᠧᠮ ᠢ ᠪᠠᠶᠢᠭᠤᠯᠵᠤ᠂ ᠠᠰᠠᠭᠤᠳᠠᠯ ᠢ ᠢᠯᠡᠷᠡᠭᠦᠯᠬᠦ᠂ ᠡᠷᠭᠢᠯᠲᠡ ᠳᠤ ᠣᠷᠣᠭᠤᠯᠵᠤ ᠲᠤᠰᠢᠶᠠᠨ ᠭᠦᠢᠴᠡᠳᠬᠡᠭᠦᠯᠬᠦ᠂

ᠵᠣᠬᠢᠴᠠᠭᠤᠯᠤᠨ ᠬᠤᠯᠪᠣᠯᠳᠤᠭᠤᠯᠬᠤ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ᠂ ᠰᠢᠪᠠᠳᠠᠨ

ᠭᠦᠢᠴᠡᠳᠬᠡᠭᠦᠯᠵᠦ ᠬᠢᠨᠠᠨ ᠰᠢᠯᠭᠠᠬᠤ ᠵᠡᠷᠭᠡ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠨᠢᠭᠡᠳᠦᠯᠲᠡᠢ

ᠵᠢᠯᠤᠭᠤᠳᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠪᠦᠬᠦ ᠳ᠋ᠠᠶᠢᠲ᠋ᠠ ᠶᠢ ᠡᠷᠭᠢᠯᠳᠦᠭᠦᠯᠬᠦ᠂ ᠪᠦᠬᠦ ᠶᠠᠪᠤᠴᠠ ᠶᠢ

ᠬᠠᠮᠤᠷᠬᠤ᠂ ᠪᠦᠬᠦ ᠶᠠᠪᠤᠴᠠ ᠳᠤ ᠬᠢᠨᠠᠯᠲᠠ ᠲᠠᠯᠪᠢᠬᠤ᠂ ᠪᠦᠬᠦ ᠲᠠᠯ᠎ᠠ ᠪᠠᠷ ᠤᠷᠢᠳᠴᠢᠯᠠᠨ ᠰᠡᠷᠡᠮᠵᠢᠯᠡᠭᠦᠯᠬᠦ︾᠂ ︽ᠨᠢᠭᠡ

ᠳᠡᠯᠭᠡᠴᠡ ᠪᠠᠷ ᠪᠦᠬᠦ ᠣᠷᠣᠨ ᠪᠦᠰᠡ ᠶᠢ ᠮᠡᠳᠡᠬᠦ᠂ ᠨᠢᠭᠡ ᠰᠦᠯᠵᠢᠶ᠎ᠡ ᠪᠠᠷ ᠪᠦᠬᠦ ᠲᠠᠯ᠎ᠠ ᠶᠢ ᠬᠠᠮᠢᠶᠠᠷᠬᠤ︾ ︽ᠣᠶᠤᠨᠲᠤ

ᠬᠤᠳᠠ︾ ᠶᠢᠨ ᠵᠠᠰᠠᠯᠲᠠ ᠶᠢᠨ ᠵᠠᠭᠪᠤᠷ ᠢ ᠠᠩᠬ᠎ᠠ ᠠᠯᠬᠤᠮ ᠪᠦᠷᠢᠯᠳᠦᠭᠦᠯᠪᠡ᠃

   ᠬᠠᠭᠠᠰ ᠬᠠᠭᠠᠰ ᠠᠯᠬᠤᠮ ᠢᠶᠠᠷ ᠮᠢᠩᠭᠠᠨ ᠭᠠᠵᠠᠷ ᠤᠨ ᠠᠶᠠᠨ ᠵᠠᠮ ᠢ ᠵᠣᠷᠢᠨ᠂ ᠥᠷᠭᠡᠨ ᠠᠭᠤᠳᠠᠮ ᠪᠥᠭᠡᠳ

ᠨᠠᠷᠢᠯᠢᠭ ᠵᠦᠢᠯ ᠢ ᠪᠣᠶ ᠪᠣᠯᠭᠠᠨ᠎ᠠ᠃ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠪᠠ ᠨᠡᠶᠢᠭᠡᠮ ᠤᠨ

ᠵᠠᠰᠠᠯᠲᠠ ᠶᠢ ᠭᠦᠨᠵᠡᠭᠡᠢ ᠠᠭᠤᠰᠤᠯᠴᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ︽ᠬᠢᠯᠭᠠᠰᠤᠨ ᠰᠤᠳᠠᠯ︾︾ ᠢ

ᠨᠠᠪᠲᠠᠷᠡᠭᠦᠯᠵᠦ᠂ ᠤᠯᠠᠨ ᠲᠦᠮᠡᠨ ᠤ ᠠᠮᠢᠳᠤᠷᠠᠯ ᠢ ᠨᠡᠩ ᠳᠤᠯᠠᠭᠠᠬᠠᠨ ᠪᠣᠯᠭᠠᠵᠤ᠂ ᠵᠣᠯ ᠵᠢᠷᠭᠠᠯ ᠢ ᠨᠡᠩ ᠶᠠᠰᠤ

ᠴᠢᠨᠠᠷ ᠲᠠᠢ ᠪᠣᠯᠭᠠᠵᠤ᠂ ᠬᠤᠤᠯᠢᠩᠭᠤᠤᠯ ᠤᠯᠠᠮ ᠠᠴᠠ ᠤᠯᠠᠮ ︽ᠣᠶᠢᠷ᠎ᠠ ᠶᠢᠨ ᠬᠢ ᠶᠢ ᠪᠠᠶᠠᠰᠬᠠᠵᠤ᠂ ᠬᠤᠯᠠ ᠶᠢᠨ

 ᠬᠢ ᠶᠢ ᠢᠷᠡᠭᠦᠯᠬᠦ︾ ᠷᠢᠳᠢ ᠰᠢᠳᠢ ᠲᠠᠢ ᠬᠤᠳᠠ ᠪᠣᠯᠤᠭᠰᠠᠨ ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号