ᠾᠦᠸᠧ ᠮᠸᠢ ᠬᠤᠩ ᠵᠢᠶᠦ᠋ᠨ ᠬᠥᠩᠭᠡᠨᠴᠠᠭᠠᠨ ᠴᠠᠬᠢᠯᠭᠠᠨ ᠤ ᠺᠣᠮᠫᠠᠨᠢ ᠦᠨᠳᠦᠰᠦᠨ ᠱᠠᠲᠤᠨ ᠤ ᠬᠢᠨᠠᠯᠲᠠ ᠲᠠᠯᠪᠢᠬᠤ ᠠᠷᠭ᠎ᠠ  ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2022/4/14
   ᠠᠷᠢᠭᠤᠨ ᠴᠢᠬᠡᠴᠢ ᠬᠡᠪ ᠰᠤᠷᠲᠠᠯ ᠦᠢᠯᠡᠳᠪᠦᠷᠢᠯᠡᠯ ᠳᠤ ᠲᠤᠰᠠᠯᠠᠵᠤ᠂ ᠠᠷᠢᠭᠤᠨ ᠴᠢᠬᠡᠴᠢ ᠬᠡᠪ ᠨᠠᠮᠪᠠ ᠬᠥᠮᠥᠰ ᠤᠨ ᠰᠡᠳᠬᠢᠯ ᠢ ᠳᠣᠭᠳᠣᠯᠤᠭᠤᠯᠤᠨ᠎ᠠ᠃ ᠾᠦᠸᠧ ᠮᠧᠶ ᠬᠤᠩ ᠵᠢᠶᠦ᠋ᠨ ᠬᠥᠩᠭᠡᠨ ᠴᠠᠭᠠᠨ ᠤ ᠴᠠᠬᠢᠯᠭᠠᠨ ᠤ ᠺᠣᠮᠫᠠᠨᠢ ᠦᠨᠳᠦᠰᠦᠨ ᠱᠠᠲᠤᠨ ᠤ ᠬᠢᠨᠠᠯᠲᠠ ᠲᠠᠯᠪᠢᠬᠤ ᠠᠷᠭ᠎ᠠ   ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ︽ᠬᠢᠨᠠᠯᠲᠠ ᠲᠠᠯᠪᠢᠬᠤ ᠪᠦᠷᠢᠶ᠎ᠡ︾ ᠶᠢ ᠬᠠᠩᠭᠢᠨᠠᠭᠤᠯᠵᠤ᠂ ᠳᠡᠭᠡᠷ᠎ᠡ ᠠᠴᠠ ᠳᠣᠷᠣᠭᠰᠢ ᠪᠣᠰᠤᠭ᠎ᠠ ᠴᠣᠭᠴᠠᠲᠤ ᠬᠤᠯᠪᠣᠯᠳᠤᠭᠰᠠᠨ ᠬᠢᠨᠠᠯᠲᠠ ᠲᠠᠯᠪᠢᠬᠤ ᠰᠢᠰᠲ᠋ᠧᠮ   ᠢ ᠪᠤᠶ ᠪᠣᠯᠭᠠᠵᠤ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠰᠠᠯᠠᠭ᠎ᠠ ᠮᠥᠴᠢᠷ ᠲᠤ ᠬᠠᠮᠵᠢᠨ ᠦᠨᠳᠦᠰᠦᠨ ᠱᠠᠲᠤᠨ ᠤ ᠡᠭᠡᠯᠵᠢ ᠳᠤᠭᠤᠶᠢᠯᠠᠩ ᠤᠨ ᠲᠥᠪ ᠪᠤᠰᠤ ᠰᠤᠷᠲᠠᠯ ᠪᠠ ᠪᠢᠴᠢᠯ ᠢᠯᠵᠠᠷᠠᠯ ᠤᠨ ᠠᠰᠠᠭᠤᠳᠠᠯ   ᠢ ᠢᠯᠡᠷᠡᠭᠦᠯᠦᠨ ᠰᠢᠢᠳᠪᠦᠷᠢᠯᠡᠵᠦ ᠂ ᠡᠭᠡᠯᠵᠢ ᠳᠤᠭᠤᠶᠢᠯᠠᠩ ᠤᠨ ᠴᠤᠬᠤᠶᠢᠯᠲᠠ   ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ   ᠢ ᠴᠠᠭ ᠲᠤᠬᠠᠢ ᠳᠤᠨᠢ ᠰᠢᠢᠳᠪᠦᠷᠢᠯᠡᠵᠡᠢ᠃

    ᠲᠤᠰ ᠺᠣᠮᠫᠠᠨᠢ ᠶᠢᠨ ᠦᠨᠳᠦᠰᠦᠨ ᠱᠠᠲᠤᠨ ᠤ 14 ᠠᠷᠢᠭᠤᠨ ᠴᠢᠬᠡᠴᠢ ᠶᠢᠨ ᠬᠢᠨᠠᠯᠲᠠ ᠲᠠᠯᠪᠢᠭᠴᠢ ᠠᠵᠢᠯ ᠤᠨ

ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠪᠠᠳᠠᠷᠠᠭᠤᠯᠵᠤ᠂ ᠺᠣᠮᠫᠠᠨᠢ ᠶᠢᠨ ᠠᠷᠢᠭᠤᠨ ᠴᠢᠬᠡᠴᠢ ᠶᠢᠨ

ᠠᠵᠢᠯ ᠳᠤ ᠪᠠᠶᠢᠩᠭᠤ ᠶᠢᠨ ᠴᠢᠨᠠᠷᠲᠠᠢ ᠣᠷᠣᠯᠴᠠᠵᠤ᠂ ᠠᠷᠢᠭᠤᠨ ᠴᠢᠬᠡᠴᠢ ᠶᠢᠨ ᠰᠠᠨᠠᠭᠤᠯᠤᠮᠵᠢ ᠶᠢᠨ ᠬᠤᠷᠠᠯ

ᠬᠤᠷᠠᠯᠳᠤᠭᠤᠯᠬᠤ ᠪᠠᠷ ᠳᠠᠮᠵᠢᠭᠤᠯᠵᠤ᠂ ᠪᠦᠯᠦᠭᠯᠡᠯ ᠺᠣᠮᠫᠠᠨᠢ ᠶᠢᠨ ᠰᠢᠰᠲ᠋ᠧᠮ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ

ᠴᠠᠭ ᠲᠤᠬᠠᠢ ᠳᠤᠨᠢ ᠮᠡᠳᠡᠭᠳᠡᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠬᠥᠮᠥᠵᠢᠭᠦᠯᠪᠡ︔

ᠵᠠᠩᠭᠢᠯᠠᠭ᠎ᠠ ᠶᠢᠨ ᠴᠡᠭ ᠤᠨ ᠬᠥᠮᠦᠵᠢᠯ ᠢ ᠥᠷᠨᠢᠭᠦᠯᠬᠦ ᠶᠢ ᠪᠠᠷᠢᠮᠲᠠᠯᠠᠵᠤ᠂ ᠠᠵᠢᠯᠲᠠᠳ ᠲᠤ ᠬᠡᠭᠡᠯᠢ ᠲᠦᠯᠬᠢᠵᠦ

ᠬᠠᠭ᠋ᠤᠤᠯᠢ ᠢᠳᠡᠬᠦ ᠶᠢᠨ ᠬᠤᠣᠷ ᠬᠥᠨᠥᠭᠡᠯᠳᠦ ᠴᠢᠨᠠᠷ ᠢ ᠰᠡᠷᠭᠡᠭ ᠢᠶᠠᠷ ᠲᠠᠨᠢᠭᠤᠯᠵᠤ᠂ ᠠᠷᠢᠭᠤᠨ ᠴᠢᠬᠡᠴᠢ ᠶᠢᠨ ᠰᠣᠨᠣᠷ

ᠰᠡᠷᠡᠮᠵᠢ ᠶᠢ ᠨᠢ ᠳᠡᠭᠡᠭᠰᠢᠯᠡᠭᠦᠯᠬᠦ ᠬᠡᠷᠡᠭᠲᠡᠢ︔ᠭᠡᠷ ᠪᠦᠯᠢ ᠶᠢᠨ ᠠᠷᠢᠭᠤᠨ ᠴᠢᠬᠡᠴᠢ ᠶᠢ ᠲᠤᠰᠠᠯᠠᠬᠤ ︽ᠲᠠᠪᠤᠨ ᠨᠢᠭᠡ︾

 ᠶᠢᠨ ︽ᠰᠠᠬᠢᠯᠭ᠎ᠠ ᠪᠠᠲᠤ ᠶᠢ ᠴᠢᠩᠳᠠᠯᠠᠵᠤ᠂ ᠠᠷᠢᠬᠢ ᠤᠤᠭᠤᠵᠤ ᠲᠡᠷᠭᠡ ᠵᠢᠯᠤᠭᠤᠳᠬᠤ ᠶᠢ ᠲᠡᠪᠴᠢᠬᠦ︾ ᠵᠡᠷᠭᠡ

ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠠᠵᠢᠯᠲᠠᠳ ᠢ ᠠᠵᠢᠯ ᠤᠨ ᠪᠠᠶᠢᠷᠢ ᠶᠢᠨ ᠡᠭᠦᠷᠭᠡ

ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠢᠭᠤᠨ ᠴᠢᠬᠡᠴᠢ ᠶᠢᠨ ᠤᠯᠠᠭᠠᠨ ᠱᠤᠭᠤᠮ ᠢ ᠰᠠᠶᠢᠲᠤᠷ

ᠰᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号