ᠵᠧ ᠨᠠᠨ ᠨᠡᠶᠢᠭᠡᠮ ᠲᠣᠭᠤᠷᠢᠭ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2022/4/7
    ᠣᠶᠢᠷ᠎ᠠ ᠶᠢᠨ ᠵᠢᠯ ᠠᠴᠠ᠂ ᠵᠧ ᠨᠠᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ  ᠨᠢ ᠨᠠᠮ ᠤᠨ ᠪᠠᠶᠢᠭᠤᠯᠤᠯᠲᠠ ᠶᠢᠨ ᠠᠵᠢᠯ ᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ︽ᠬᠤᠪᠢᠰᠬᠠᠯᠲᠤ ᠬᠥᠳᠡᠯᠭᠡᠭᠦ ᠬᠦᠴᠦᠨ︾ᠪᠣᠯᠭᠠᠵᠤ᠂ ᠦᠢᠯᠡᠴᠢᠯᠡᠭᠡᠨ ᠤ ᠠᠷᠭ᠎ᠠ ᠵᠠᠮ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠥᠨᠳᠥᠷ ᠪᠦᠲᠦᠮᠵᠢᠲᠡᠢ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ︽ᠬᠥᠮᠥᠨ ᠪᠦᠬᠦᠨ ᠴᠥᠮ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠶᠠᠪᠤᠳᠠᠯ ᠪᠦᠬᠦᠨ ᠳᠤ ᠬᠤᠯᠪᠣᠭᠳᠠᠬᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠭᠠᠵᠠᠷ ᠪᠣᠯᠭᠠᠨ ᠳᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠠᠮᠠᠭᠠᠯᠠᠬᠤ︾ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠠᠷ ᠴᠢᠷᠮᠠᠶᠢᠪᠠ᠃

   ︽ ᠰᠢᠯᠢᠳᠡᠭ︾ ᠣᠷᠴᠢᠨ ᠲᠣᠭᠤᠷᠢᠨ ᠢ ᠪᠣᠶ ᠪᠣᠯᠭᠠᠨ᠎ᠠ᠃︽ᠲᠥᠬᠦᠮ᠂ ᠣᠬᠤᠷ᠂ ᠲᠦᠷᠭᠡᠨ᠂ ᠰᠢᠯᠢᠳᠡᠭ︾

ᠠᠵᠢᠯᠯᠠᠬᠤ ᠵᠠᠷᠴᠢᠮ ᠶᠣᠰᠣᠭᠠᠷ᠂ ︽ᠨᠢᠭᠡ ᠥᠷᠲᠡᠭᠡᠨ ᠤ ᠮᠠᠶ᠋ᠢᠭ︾ ᠤᠨ ᠲᠥᠷᠥᠯ ᠰᠠᠳᠤᠨ ᠤ ᠬᠠᠶᠢᠷᠴᠠᠭ ᠤᠨ

ᠦᠢᠯᠡᠴᠢᠯᠡᠭᠡ ᠶᠢ ᠬᠡᠷᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ ᠡᠮ ᠤᠨ ᠬᠠᠶᠢᠷᠴᠠᠭ᠂ ᠤᠤᠭᠤᠬᠤ ᠤᠰᠤᠨ ᠤ

ᠮᠠᠰᠢᠨ᠂ ᠠᠮᠠᠷᠠᠯᠲᠠ ᠶᠢᠨ ᠰᠠᠨᠳᠠᠯᠢ᠂ ᠭᠠᠷ ᠤᠲᠠᠰᠤᠨ ᠤ ᠴᠠᠬᠢᠯᠭᠠᠨ ᠴᠡᠨᠡᠭᠯᠡᠬᠦ ᠥᠷᠲᠡᠭᠡ᠂ ᠬᠠᠭᠤᠴᠢᠨ ᠰᠢᠯ ᠵᠡᠷᠭᠡ

ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠲᠣᠬᠢᠷᠠᠭᠤᠯᠤᠨ᠎ᠠ︔ᠠᠷᠠᠳ ᠲᠤ

ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠤᠨ ᠬᠡᠷᠡᠭ ᠡᠷᠭᠢᠯᠡᠬᠦ ᠵᠦᠭᠯᠡᠭᠦᠷ ᠢ ᠡᠮᠬᠢᠯᠡᠨ ᠳᠢᠭᠯᠡᠬᠦ ᠶᠢᠨ ᠬᠠᠮᠲᠤ

ᠢᠯᠡ ᠪᠣᠯᠭᠠᠵᠤ᠂ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ 20 ᠵᠢᠭᠰᠠᠭᠠᠨ ᠭᠠᠷᠭᠠᠵᠤ᠂ ᠶᠡᠭᠡ

ᠲᠢᠩᠬᠢᠮ ᠳᠤ ᠨᠠᠮ ᠤᠨ ᠭᠡᠰᠢᠭᠦᠨ ᠳᠤ ᠦᠢᠯᠡᠴᠢᠯᠡᠬᠦ᠂ ᠠᠷᠠᠳ ᠤᠨ ᠶᠠᠪᠤᠳᠠᠯ ᠤᠨ ᠵᠡᠮᠳᠡᠭᠴᠦᠳ ᠤᠨ ᠬᠤᠯᠪᠣᠭ᠎ᠠ ᠳᠤ

ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 10 ᠴᠣᠩᠬᠤ ᠭᠠᠷᠭᠠᠵᠤ᠂ ᠨᠢᠭᠡ ᠴᠣᠩᠬᠤ ᠪᠠᠷ ᠭᠥᠯᠢᠶᠡᠨ

ᠠᠪᠴᠤ ᠰᠢᠢᠳᠪᠦᠷᠢᠯᠡᠬᠦ᠂ ᠨᠢᠭᠡ ᠥᠷᠲᠡᠭᠡᠨ ᠤ ᠮᠠᠶ᠋ᠢᠭ ᠢᠶᠠᠷ ᠦᠢᠯᠡᠴᠢᠯᠡᠬᠦ ᠶᠢ ᠪᠡᠶᠡᠯᠡᠭᠦᠯᠦᠨ᠎ᠡ᠃ᠡᠭᠦᠨ ᠤ ᠬᠠᠮᠲᠤ᠂

︽ᠮᠣᠩᠭᠤᠯ ᠬᠢᠲᠠᠳ ᠬᠤᠣᠰ ᠬᠡᠯᠡᠨ ᠤ ᠦᠢᠯᠡᠴᠢᠯᠡᠭᠡᠨ ᠤ ᠴᠣᠩᠬᠤ︾ ︽ᠨᠠᠮ ᠤᠨ ᠭᠡᠰᠢᠭᠦᠨ ᠤ ᠬᠤᠰᠢᠭᠤᠴᠢ

ᠠᠵᠢᠯ ᠤᠨ ᠪᠠᠶᠢᠷᠢ︾ ᠪᠠ ︽ᠤᠴᠢᠷ ᠶᠠᠪᠤᠳᠠᠯ ᠪᠦᠲᠦᠭᠡᠵᠦ ᠳᠡᠶᠢᠯᠬᠦ ᠦᠭᠡᠢ︾ ᠲᠤᠰᠬᠠᠯ ᠤᠨ ᠴᠣᠩᠬᠤ ᠭᠠᠷᠭᠠᠵᠤ᠂

ᠨᠡᠶᠢᠭᠡᠮ ᠲᠣᠭᠤᠷᠢᠭ᠂ ᠵᠡᠭᠡᠯᠢ ᠭᠤᠳᠤᠮᠵᠢ᠂ ᠰᠠᠯᠠᠭ᠎ᠠ ᠮᠥᠴᠢᠷ ᠭᠤᠷᠪᠠᠨ ᠱᠠᠲᠤ ᠪᠠᠷ ᠢᠶᠠᠨ ᠬᠤᠯᠪᠤᠭᠠᠯᠠᠨ

ᠬᠥᠳᠡᠯᠦᠯᠴᠡᠭᠰᠡᠨ ᠭᠤᠯᠳᠤ ᠪᠠᠷ ︽ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠣᠯᠠᠨ

ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠣᠯᠠᠨ ᠤᠳᠠᠭ᠎ᠠ ᠭᠦᠶᠦᠵᠦ᠂ ᠣᠯᠠᠨ ᠲᠠᠯ᠎ᠠ   ᠠᠴᠠ ᠭᠦᠶᠦᠬᠦ︾

ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠳᠤ ᠳᠥᠭᠦᠮ ᠳᠥᠲᠡ᠂ ᠲᠦᠷᠭᠡᠨ᠂ ᠴᠢᠨᠠᠷ ᠰᠠᠶᠢᠲᠠᠢ

ᠦᠢᠯᠡᠴᠢᠯᠡᠭᠡᠨ ᠤ ᠣᠷᠴᠢᠨ ᠲᠣᠭᠤᠷᠢᠨ ᠢ ᠡᠳ᠋ᠯᠡᠭᠦᠯᠦᠨ᠎ᠡ᠃

  ︽ᠰᠡᠳᠬᠢᠯ︾ ᠢᠶᠠᠷ ᠢᠶᠠᠨ ᠦᠢᠯᠡᠴᠢᠯᠡᠨ᠎ᠡ᠃︽ᠣᠯᠠᠨ ᠲᠦᠮᠡᠨ ᠤ ᠠᠰᠢᠭ ᠲᠤᠰᠠ ᠶᠢ ᠲᠡᠷᠢᠭᠦᠨ ᠳᠤ ᠲᠠᠯᠪᠢᠵᠤ

᠂ ᠣᠯᠠᠨ ᠲᠦᠮᠡᠨ ᠤ ᠤᠴᠢᠷ ᠶᠠᠪᠤᠳᠠᠯ ᠳᠤ ᠪᠠᠭ᠎ᠠ ᠶᠠᠪᠤᠳᠠᠯ ᠭᠡᠵᠦ ᠦᠭᠡᠢ︾ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂

︽365 ᠡᠭᠦᠳᠡ ᠪᠠᠨ ᠬᠠᠭᠠᠬᠤ ᠦᠭᠡᠢ︾ ᠦᠢᠯᠡᠴᠢᠯᠡᠭᠡ ᠶᠢ ᠢᠳᠡᠪᠬᠢᠲᠡᠢ ᠬᠡᠷᠡᠭᠵᠢᠭᠦᠯᠦᠨ᠎ᠡ᠃ᠸᠢᠴᠠᠲ ᠤᠨ

ᠨᠡᠶᠢᠲᠡ ᠶᠢᠨ ᠳ᠋ᠤᠭᠠᠷ᠂ ︽12345︾ ᠦᠢᠯᠡᠴᠢᠯᠡᠭᠡᠨ ᠤ ᠬᠠᠯᠠᠭᠤᠨ ᠤᠲᠠᠰᠤ᠂ ︽ᠥᠪᠥᠷ ᠮᠣᠩᠭᠤᠯ ᠤᠨ

ᠲᠦᠷᠭᠡᠨ ᠬᠤᠷᠳᠤᠴᠠ ᠶᠢᠨ ᠠᠯᠪᠠᠨ ᠭᠡᠷ︾ ︽ᠰᠦᠯᠵᠢᠶᠡᠨ ᠳᠡᠭᠡᠷᠡᠬᠢ ᠨᠠᠮ ᠪᠠ ᠣᠯᠠᠨ ᠲᠦᠮᠡᠨ ᠤ ᠭᠡᠷ︾ ᠵᠡᠷᠭᠡ

︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂

ᠠᠵᠢᠯ ᠶᠠᠪᠤᠳᠠᠯ ᠰᠢᠢᠳᠪᠦᠷᠢᠯᠡᠬᠦ ᠵᠦᠭᠯᠡᠭᠦᠷ ᠢ ᠴᠠᠭ ᠲᠤᠬᠠᠢ ᠳᠤᠨᠢ ᠨᠡᠶᠢᠲᠡᠯᠡᠵᠦ᠂ ᠰᠦᠯᠵᠢᠶᠡᠨ ᠳᠡᠭᠡᠷ᠎ᠡ ᠠᠰᠠᠭᠤᠨ

ᠯᠠᠪᠯᠠᠬᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ᠂ ᠬᠦᠴᠢᠷ ᠲᠦᠪᠡᠭᠲᠡᠢ

ᠠᠰᠠᠭᠤᠳᠠᠯ ᠢ ᠬᠠᠷᠢᠭᠤᠯᠬᠤ ᠵᠡᠷᠭᠡ ᠦᠢᠯᠡᠴᠢᠯᠡᠭᠡ ᠶᠢ ᠨᠠᠪᠲᠠᠷᠡᠭᠦᠯᠵᠦ᠂ ᠬᠠᠷᠢᠶᠠᠲᠤ ᠣᠷᠣᠨ ᠤ ᠠᠵᠤ ᠠᠬᠤᠶᠢᠯᠠᠯ᠂

ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠣᠯᠠᠨ ᠲᠦᠮᠡᠨ ᠳᠤ ᠭᠠᠷ ᠤᠲᠠᠰᠤ ᠪᠠᠷ

ᠳᠠᠮᠵᠢᠭᠤᠯᠤᠨ ᠴᠠᠭ ᠲᠤᠬᠠᠢ ᠳᠤᠨᠢ ᠠᠰᠠᠭᠤᠨ ᠯᠠᠪᠯᠠᠵᠤ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠶᠢ

ᠭᠡᠷ ᠠᠴᠠ ᠪᠠᠨ ᠭᠠᠷᠬᠤ ᠦᠭᠡᠢ ᠪᠠᠷ ᠣᠶᠢᠯᠠᠭᠠᠭᠤᠯᠵᠤ᠂ ᠣᠶᠢᠷ᠎ᠠ ᠬᠠᠪᠢ ᠳᠠᠭᠠᠨ ᠭᠥᠯᠢᠶᠡᠨ ᠠᠪᠴᠤ

ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ᠣᠲᠣ ᠪᠣᠯᠲᠠᠯ᠎ᠠ᠂ ᠡᠯ᠎ᠡ ᠲᠥᠷᠥᠯ ᠤᠨ ᠤᠴᠢᠷ ᠶᠠᠪᠤᠳᠠᠯ ᠢ ᠨᠢᠭᠡᠨᠲᠡ

100 ᠭᠠᠷᠤᠢ ᠭᠥᠯᠢᠶᠡᠨ ᠠᠪᠴᠤ ᠰᠢᠢᠳᠪᠦᠷᠢᠯᠡᠵᠦ᠂ ᠪᠣᠬᠢᠷ ᠤᠰᠤᠨ ᠤ ᠬᠤᠭᠤᠯᠠᠢ ᠪᠥᠭᠯᠡᠷᠡᠬᠦ᠂ ᠳᠤᠷ᠎ᠠ ᠪᠠᠷ ᠢᠶᠠᠨ

ᠪᠠᠶᠢᠭᠤᠯᠵᠤ ᠪᠠᠶᠢᠭ᠎ᠠ ᠠᠰᠠᠭᠤᠳᠠᠯ ᠵᠡᠷᠭᠡ 15 ᠬᠠᠯᠠᠭᠤᠨ ᠴᠡᠭ ᠪᠠ ᠲᠦᠪᠡᠭᠲᠡᠢ ᠠᠰᠠᠭᠤᠳᠠᠯ ᠢ ᠵᠢᠵᠢᠭ ᠵᠢᠷᠤᠮ ᠢᠶᠠᠷ

ᠰᠢᠢᠳᠪᠦᠷᠢᠯᠡᠵᠦ᠂ ᠬᠠᠷᠢᠶ᠎ᠠ ᠣᠷᠣᠨ ᠤ ᠣᠨᠴᠠᠭᠠᠶ ᠬᠠᠮᠲᠤᠯᠢᠭ ᠲᠤ 6 ᠤᠳᠠᠭ᠎ᠠ ᠭᠡᠷ ᠲᠤᠨᠢ ᠬᠦᠷᠴᠦ ᠦᠢᠯᠡᠴᠢᠯᠡᠬᠦ᠂

ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ

ᠬᠥᠷᠪᠡ᠃

  ︽ᠬᠦᠴᠦᠷᠬᠡᠭᠵᠢᠭᠦᠯᠬᠦ︾ ᠤᠬᠠᠭᠤᠯᠭ᠎ᠠ ᠶᠢ ᠠᠳᠬᠤᠨ᠎ᠠ᠃ᠨᠡᠶᠢᠭᠡᠮ ᠲᠣᠭᠤᠷᠢᠭ ᠤᠨ ᠬᠢᠨ ᠰᠦᠯᠵᠢᠶᠡᠨ ᠤ

ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠡᠷᠦᠬᠡ ᠳᠤ ᠣᠴᠢᠭᠤᠯᠵᠤ᠂ ︽

ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠤᠨ ᠴᠢᠬᠤᠯᠠ ᠠᠴᠢ ᠬᠤᠯᠪᠣᠭᠳᠠᠯ ᠢ

ᠤᠬᠠᠭᠤᠯᠵᠤ᠂ ︽ᠳᠦᠷᠢᠮ︾ ᠳᠠᠬᠢ ᠰᠠᠭᠤᠭᠠᠯᠢ ᠠᠷᠠᠳ ᠤᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ

ᠵᠦᠢᠯ ᠵᠤᠷᠪᠤᠰ ᠢ ᠨᠠᠷᠢᠨ ᠲᠠᠨᠢᠯᠴᠠᠭᠤᠯᠪᠠ᠃ᠡᠭᠦᠨ ᠤ ᠬᠠᠮᠲᠤ᠂ ᠸᠢᠴᠠᠲ ᠤᠨ ᠨᠡᠶᠢᠲᠡ ᠶᠢᠨ ᠳ᠋ᠤᠭᠠᠷ᠂

ᠰᠦᠯᠵᠢᠶᠡᠨ ᠤ ᠸᠢᠴᠠᠲ ᠤᠨ ᠦᠢᠯᠡᠴᠢᠯᠡᠭᠡᠨ ᠤ ᠪᠦᠯᠦᠭ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ

ᠤᠬᠠᠭᠤᠯᠭ᠎ᠠ ᠪᠠᠨ ᠥᠷᠭᠡᠳᠬᠡᠵᠦ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ

ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠷᠠᠳ ᠤᠨ

ᠠᠮᠢᠳᠤᠷᠠᠯ ᠳᠤ ᠨᠠᠩ ᠣᠶᠢᠷᠠᠲᠤᠭᠤᠯᠵᠤ᠂ ᠠᠷᠠᠳ ᠣᠯᠠᠨ ᠳᠤ ᠨᠠᠩ ᠣᠶᠢᠷᠠᠲᠤᠭᠤᠯᠵᠤ᠂ ᠠᠮᠢᠳᠤᠷᠠᠯ ᠳᠤ ᠨᠠᠩ ᠣᠯᠠᠨ

ᠣᠯᠠᠨ ᠲᠦᠮᠡᠨ ᠢ ᠲᠡᠳᠡᠨ ᠣᠷᠣᠯᠴᠠᠭᠤᠯᠵᠤ᠂ ᠬᠠᠷᠢᠶ᠎ᠠ ᠣᠷᠣᠨ ᠤ ᠣᠯᠠᠨ ᠲᠦᠮᠡᠨ ᠤ ᠬᠤᠳᠠᠯᠳᠤᠭ᠎ᠠ ᠡᠷᠭᠢᠯᠡᠬᠦ

ᠣᠷᠴᠢᠨ ᠨᠥᠬᠦᠴᠡᠯ ᠢ ᠰᠢᠯᠢᠳᠡᠭᠵᠢᠭᠦᠯᠬᠦ ᠳᠡᠮᠵᠢᠯᠭᠡ ᠶᠢᠨ ᠨᠣᠷᠮ᠎ᠠ᠂ ᠣᠷᠤᠯᠴᠠᠬᠤ ᠨᠣᠷᠮ᠎ᠠ ᠶᠢ ᠦᠨᠡᠨ ᠬᠦ

ᠳᠡᠭᠡᠭᠰᠢᠯᠡᠭᠦᠯᠬᠦ ᠬᠡᠷᠡᠭᠲᠡᠢ᠃ᠠᠵᠢᠯᠯᠠᠭ᠎ᠠ ᠳᠤ ᠤᠬᠠᠭᠤᠯᠬᠤ ᠮᠠᠲ᠋ᠧᠷᠢᠶᠠᠯ   ᠢ ᠨᠡᠶᠢᠲᠡ 500 ᠭᠠᠷᠤᠢ ᠬᠤᠪᠢ

ᠲᠠᠷᠬᠠᠭᠠᠵᠠᠢ᠃

  ᠲᠣᠭᠲᠠᠭᠤᠨ ᠪᠠᠶᠢᠳᠠᠯ ᠢ ︽ᠪᠠᠲᠤᠯᠠᠬᠤ︾ ᠪᠠᠷ ᠬᠦᠴᠦᠯᠡᠨ ᠴᠢᠷᠮᠠᠶᠢᠨ᠎ᠠ᠃ᠠᠮᠤᠷ ᠲᠠᠶᠢᠪᠤᠩ ᠡᠶ᠎ᠡ ᠵᠣᠬᠢᠴᠠᠩᠭᠤᠢ

ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ

ᠲᠤᠤᠷᠠᠵᠢᠭᠰᠠᠨ ᠠᠵᠢᠯᠲᠠᠨ ᠰᠠᠷ᠎ᠠ ᠪᠦᠷᠢ ᠨᠢᠭᠡ ᠤᠳᠠᠭ᠎ᠠ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ

ᠳᠠᠷᠠᠭᠠᠯᠠᠨ ᠪᠠᠶᠢᠴᠠᠭᠠᠵᠤ᠂ ᠠᠵᠤ ᠠᠬᠤᠶᠢᠯᠠᠯ᠂ ᠬᠤᠳᠠᠯᠳᠤᠭᠠᠨ ᠤ ᠫᠦᠰᠡ᠂ ᠰᠠᠭᠤᠭᠠᠯᠢ ᠠᠷᠠᠳ ᠤᠨ ᠲᠣᠭᠤᠷᠢᠭ ᠵᠡᠷᠭᠡ

ᠲᠠᠯᠠᠪᠤᠷ ᠢ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠵᠤ᠂ ᠰᠦᠯᠵᠢᠶᠡᠨ ᠤ ᠲᠣᠭᠤᠷᠢᠨ ᠪᠠᠶᠢᠴᠠᠭᠠᠬᠤ ᠡᠬᠡ ᠲᠠᠩᠰᠠ

ᠪᠠᠶᠢᠭᠤᠯᠵᠤ᠂ ᠭᠡᠮ ᠰᠣᠭᠤᠭ ᠪᠠ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠪᠦᠬᠦ

ᠶᠠᠪᠤᠴᠠ ᠳᠤ ᠮᠥᠷᠳᠡᠨ ᠴᠡᠭᠴᠡᠯᠡᠨ ᠰᠠᠶᠢᠵᠢᠷᠠᠭᠤᠯᠪᠠ᠃ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠬᠤᠭᠤᠴᠠᠭᠠᠨ ᠳᠤ᠂ ᠬᠠᠷᠢᠶ᠎ᠠ ᠣᠷᠣᠨ ᠤ ᠬᠤᠳᠠᠯᠳᠤᠭᠠᠨ ᠤ ᠫᠦᠰᠡ ᠶᠢᠨ ᠬᠥᠮᠥᠨ ᠣᠯᠠᠨ᠂ ᠬᠥᠮᠥᠨ ᠣᠯᠠᠨ

ᠰᠢᠯᠵᠢᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠬᠠᠷᠢᠶ᠎ᠠ ᠣᠷᠣᠨ ᠤ ᠪᠣᠶ ᠪᠦᠬᠦᠢ ᠬᠤᠳᠠᠯᠳᠤᠭᠠᠨ ᠤ ᠫᠦᠰᠡ ᠳᠤ

ᠨᠠᠷᠢᠨ ᠨᠢᠮᠪᠠᠢ ᠪᠠᠶᠢᠴᠠᠭᠠᠨ ᠰᠤᠳᠤᠯᠤᠯᠲᠠ ᠬᠢᠵᠦ᠂ ᠬᠠᠷᠢᠶ᠎ᠠ ᠣᠷᠣᠨ ᠤ ᠬᠤᠳᠠᠯᠳᠤᠭᠠᠨ ᠤ ᠡᠷᠦᠬᠡ ᠶᠢᠨ ᠬᠠᠮᠢᠶ᠎ᠠ

ᠪᠦᠬᠦᠢ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠪᠥᠭᠡᠳ ᠰᠠᠶᠢᠨ

ᠬᠥᠭᠵᠢᠯᠲᠡ ᠶᠢ ᠠᠬᠢᠭᠤᠯᠬᠤ ᠬᠡᠷᠡᠭᠲᠡᠢ᠃ᠡᠨᠡ ᠵᠢᠯ ᠠᠴᠠ ᠨᠠᠰᠢ᠂ ᠨᠡᠶᠢᠲᠡ 200 ᠭᠠᠷᠤᠢ ᠠᠵᠤ ᠠᠬᠤᠶᠢᠯᠠᠯ᠂

ᠬᠤᠳᠠᠯᠳᠤᠭᠠᠨ ᠤ ᠡᠷᠦᠬᠡ ᠶᠢ ᠪᠠᠶᠢᠴᠠᠭᠠᠵᠤ᠂ 30 ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ

ᠢᠯᠡᠷᠡᠭᠦᠯᠵᠦ᠂ 21 ᠭᠠᠵᠠᠷ ᠢ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ᠂ 9 ᠭᠠᠵᠠᠷ ᠢ

ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠪᠡ᠃

  ︽ᠶᠠᠰᠤ ᠴᠢᠨᠠᠷ︾ ᠢ ᠳᠡᠭᠡᠭᠰᠢᠯᠡᠭᠦᠯᠵᠦ ᠲᠠᠰ ᠳᠡᠪᠰᠢᠭᠦᠯᠦᠨ᠎ᠡ᠃︽ᠬᠤᠪᠢᠰᠬᠠᠯ ᠤᠨ ᠠᠳᠠᠯ ᠠᠬᠤᠢ︾ ᠪᠠᠷ

ᠠᠴᠢᠶᠠᠯᠠᠪᠤᠷᠢ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠵᠢᠱᠢᠶᠡᠴᠢ ᠬᠤᠰᠢᠭᠤᠴᠢ

ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠵᠠᠰᠠᠯᠲᠠ ᠶᠢᠨ

ᠦᠢᠯᠡᠴᠢᠯᠡᠭᠡᠨ ᠤ ᠳᠠᠪᠠᠭᠤᠯᠢᠭ ᠪᠣᠯᠭᠠᠨ ᠬᠤᠪᠢᠷᠠᠭᠤᠯᠵᠤ᠂ ᠨᠠᠮ ᠤᠨ ᠡᠭᠦᠷ ᠬᠢᠭᠡᠳ ᠨᠡᠶᠢᠭᠡᠮ ᠲᠣᠭᠤᠷᠢᠭ ᠨᠢ

ᠨᠠᠮ ᠤᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠬᠤ ᠵᠥᠪᠯᠡᠯᠴᠡᠭᠡᠷ ᠲᠣᠭᠲᠠᠵᠤ᠂ ᠠᠳᠠᠯ ᠠᠬᠤᠢ ᠶᠢᠨ ᠵᠢᠵᠢᠭ

ᠲᠣᠭᠤᠷᠢᠭ ᠨᠢᠭᠡᠪᠦᠷᠢ ᠨᠢ ᠦᠨᠳᠦᠰᠦᠨ ᠠᠳᠠᠯ ᠠᠬᠤᠢ ᠶᠢᠨ ᠦᠢᠯᠡᠴᠢᠯᠡᠭᠡ ᠬᠠᠩᠭᠠᠭᠰᠠᠨ ᠰᠠᠭᠤᠷᠢᠨ ᠳᠡᠭᠡᠷ᠎ᠡ᠂

ᠴᠢᠳᠠᠯ ᠤᠨ ᠬᠢᠷᠢ ᠪᠠᠷ ᠢᠶᠠᠨ ᠥᠮᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠦᠢᠯᠡᠴᠢᠯᠡᠭᠡ ᠬᠠᠩᠭᠠᠨ᠎ᠠ᠃

ᠣᠳᠣᠬᠠᠨ ᠳᠤ᠂ ᠤᠰᠤᠨ ᠣᠷᠣᠨ ᠤ ᠯᠠᠨᠱᠠᠨ ᠠᠳᠠᠯ ᠠᠬᠤᠢ ᠶᠢᠨ ᠺᠣᠮᠫᠠᠨᠢ ᠨᠢ ᠥᠮᠴᠢᠲᠡᠨ ᠳᠤ ᠡᠭᠦᠳᠡ ᠣᠷᠣᠬᠤ

ᠬᠥᠯ ᠢ ᠤᠬᠢᠶᠠᠵᠤ ᠴᠡᠪᠡᠷᠯᠡᠬᠦ᠂ ᠲᠦᠷᠭᠡᠨ ᠬᠦᠷᠭᠡᠬᠦ ᠦᠢᠯᠡᠴᠢᠯᠡᠭᠡ ᠬᠠᠩᠭᠠᠵᠤ ᠪᠠᠶᠢᠨ᠎ᠠ︔ᠶᠤᠸᠠᠨ ᠶᠤᠸᠠᠨ ᠮᠢᠩ

ᠶᠤᠸᠠᠨ ᠠᠳᠠᠯ ᠠᠬᠤᠢ ᠶᠢᠨ ᠺᠣᠮᠫᠠᠨᠢ ᠨᠢ ᠥᠮᠴᠢᠲᠡᠨ ᠳᠤ ᠰᠠᠭᠤᠷᠢ ᠮᠠᠰᠢᠨ ᠳ᠋ᠢᠶᠠᠩᠬᠤᠸᠠ᠂ ᠬᠠᠳᠠᠭᠠᠯᠠᠭᠤᠯᠤᠭᠰᠠᠨ

ᠡᠳ᠋ ᠪᠣᠳᠠᠰ᠂ ᠥᠨᠥᠴᠢᠨ ᠪᠡᠯᠪᠡᠰᠦᠨ ᠨᠠᠰᠤᠲᠠᠨ ᠳᠤ ᠴᠡᠪᠡᠷᠯᠡᠭᠡ ᠬᠢᠬᠦ᠂ ᠭᠠᠵᠠᠷ ᠤᠨ ᠢᠯᠴᠢ ᠶᠢᠨ ᠱᠦᠭᠦᠬᠦ ᠲᠣᠣᠷ ᠢ

ᠴᠡᠪᠡᠷᠯᠡᠬᠦ᠂ ᠲᠦᠭᠡᠭᠡᠯ ᠤᠰᠤᠨ ᠤ ᠭᠤᠭᠤᠵᠢᠭᠤᠷ ᠢ ᠰᠣᠯᠢᠬᠤ ᠵᠡᠷᠭᠡ ᠦᠢᠯᠡᠴᠢᠯᠡᠭᠡ ᠬᠠᠩᠭᠠᠨ᠎ᠠ᠃ᠠᠯᠢ ᠣᠯᠠᠨ

ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ

ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ

ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号