ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠪᠠᠶᠢᠳᠠᠯ ᠢ ᠵᠢᠭᠠᠨ ᠳᠣᠬᠢᠵᠤ᠂ ᠭᠠᠷᠮᠠᠭᠠᠢ ᠰᠢᠪᠠᠳᠠᠨ ᠪᠠᠶᠢᠴᠠᠭᠠᠬᠤ ︾ ᠶᠢ ᠨᠢᠭᠡ ᠴᠣᠭᠴᠠᠵᠢᠭᠤᠯᠤᠨ ︽ᠬᠠᠮᠤᠭ ᠤᠨ ᠶᠡᠭᠡ ᠤᠬᠠᠭᠠᠯᠢᠭ ᠶᠡᠭᠡ ᠲᠠᠷᠢᠬᠢ︾ ᠶᠢ ᠪᠣᠶ ᠪᠤᠯᠭᠠᠬᠤ ᠪᠠᠷ ᠴᠢᠷᠮᠠᠶᠢᠵᠦ ᠪᠤᠢ
ᠨᠡᠶᠢᠲᠡᠯᠡᠭᠰᠡᠨ ᠴᠠᠭ᠄
2022/8/1
    ᠵᠢᠯ ᠤᠨ ᠡᠬᠢᠨ ᠠᠴᠠ ᠨᠠᠰᠢ᠂ ᠮᠠᠨ ᠤ ᠬᠤᠲᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠲᠣᠭᠲᠠᠭᠤᠨ ᠡᠷᠡᠭᠦᠯ ᠬᠥᠭᠵᠢᠯᠲᠡ ᠶᠢᠨ ᠣᠷᠴᠢᠨ ᠲᠣᠭᠤᠷᠢᠨ᠂ ᠲᠥᠷᠥ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠳᠠᠬᠢᠨ ᠡᠬᠢᠯᠡᠭᠦᠯᠵᠦ᠂ ᠰᠢᠨ᠎ᠡ ᠬᠠᠭᠤᠳᠠᠰᠤ ᠶᠢ ᠳᠠᠬᠢᠨ ᠪᠢᠴᠢᠭᠯᠡᠬᠦ ᠶᠢ ᠠᠬᠢᠭᠤᠯᠪᠠ᠃ᠲᠣᠰ ᠡᠳᠦᠷ ᠠᠴᠠ ᠡᠬᠢᠯᠡᠨ᠂ ᠲᠠᠩᠰᠤᠭ ᠬᠤᠤᠯᠢᠩᠭᠤᠤᠯ ᠲᠤᠰᠬᠠᠢ ᠪᠤᠯᠤᠩ ᠭᠠᠷᠭᠠᠵᠤ ︽ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠰᠡᠨ ᠮᠡᠳᠡᠭᠡᠯᠡᠯ ᠨᠡᠶᠢᠲᠡᠯᠡᠵᠦ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ᠠᠩᠬᠠᠷᠤᠯ ᠳᠠᠭᠠᠨ ᠠᠪᠬᠤ ᠪᠣᠯᠪᠠᠤ᠃

   ᠡᠨᠡ ᠵᠢᠯ ᠠᠴᠠ ᠨᠠᠰᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠰᠠᠭᠤᠳᠠᠯ ᠢᠶᠠᠷ

ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠠᠭᠳᠠᠭᠠᠨ ᠤ ᠶᠠᠪᠤᠳᠠᠯ ᠤᠨ

ᠲᠣᠭᠲᠠᠴᠠ ᠪᠠ ᠦᠢᠯᠡᠴᠢᠯᠡᠭᠡᠨ ᠤ ᠳᠦᠷᠢᠮ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠠᠶᠢᠨ

ᠰᠦᠪᠡᠭᠴᠢᠯᠡᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠭᠤᠣᠯᠳᠠᠯᠭ᠎ᠠ ᠶᠢ ᠠᠭᠤᠰᠤᠯᠴᠠᠭᠤᠯᠬᠤ᠂ ᠬᠦᠴᠦᠨ ᠢ

ᠨᠢᠭᠲᠠᠷᠠᠭᠤᠯᠬᠤ ︽ᠪᠠᠶᠢᠳᠠᠯ ᠢ ᠵᠢᠭᠠᠨ ᠳᠣᠬᠢᠵᠤ᠂ ᠭᠠᠷᠮᠠᠭᠠᠢ ᠰᠢᠪᠠᠳᠠᠨ ᠪᠠᠶᠢᠴᠠᠭᠠᠬᠤ︾ ᠶᠢ ᠨᠢᠭᠡ

ᠴᠣᠭᠴᠠᠵᠢᠭᠤᠯᠤᠭᠰᠠᠨ ᠪᠣᠳᠠᠲᠤ ᠪᠠᠶᠢᠯᠳᠤᠭᠠᠨ ᠤ ᠴᠠᠭᠳᠠᠭᠠᠨ ᠤ ᠶᠠᠪᠤᠳᠠᠯ ᠤᠨ ᠰᠢᠨ᠎ᠡ ᠲᠣᠭᠲᠠᠴᠠ ᠶᠢ ᠪᠠᠶᠢᠭᠤᠯᠵᠤ᠂

ᠰᠠᠨᠠᠭᠠᠴᠢᠯᠠᠭ᠎ᠠ ᠲᠠᠢ ᠪᠥᠭᠡᠳ ᠥᠨᠳᠥᠷ ᠪᠦᠲᠦᠮᠵᠢᠲᠡᠶ ᠰᠢᠨ᠎ᠡ ᠴᠠᠭᠳᠠᠭᠠᠨ ᠤ ᠶᠠᠪᠤᠳᠠᠯ ᠢ ᠪᠣᠶ ᠪᠣᠯᠭᠠᠪᠠ᠃

   ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠷᠠᠭᠰᠠᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽1᠂ 2᠂

6᠂ 5︾ ᠶᠢ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠲᠣᠭᠲᠠᠴᠠ ᠶᠢ ᠬᠡᠷᠡᠭᠵᠢᠭᠦᠯᠵᠦ᠂ ᠭᠡᠨᠡᠳᠲᠡ ᠶᠢᠨ ᠬᠡᠷᠡᠭ ᠢ

ᠲᠦᠷᠭᠡᠨ ᠠᠷᠭᠠᠴᠠᠬᠤ ᠶᠢ ᠵᠢᠭᠠᠵᠤ ᠪᠠᠶᠢᠨ᠎ᠠ᠃ ︽1︾ ᠭᠡᠳᠡᠭ ᠨᠢ ᠨᠢᠭᠡ ᠴᠣᠭᠴᠠᠵᠢᠭᠤᠯᠤᠭᠰᠠᠨ ᠰᠤᠳᠤᠯᠤᠨ

ᠮᠠᠭᠠᠳᠯᠠᠬᠤ ᠲᠤᠰᠬᠠᠢ ᠠᠩᠭᠢ ᠪᠣᠯᠣᠨ᠎ᠠ᠃ ︽2︾ ᠨᠢ ᠳᠠᠷᠤᠢ ᠬᠤᠶᠠᠳᠤᠭᠠᠷ ᠳᠡᠰ ᠤᠨ ᠴᠠᠭᠳᠠᠭ᠎ᠠ ᠶᠢ ᠭᠥᠯᠢᠶᠡᠨ

ᠠᠪᠴᠤ ᠰᠢᠢᠳᠪᠦᠷᠢᠯᠡᠬᠦ 110 ᠵᠢᠯᠤᠭᠤᠳᠬᠤ ᠳᠠᠷᠤᠭ᠎ᠠ ᠶᠢᠨ ᠠᠵᠢᠯ ᠤᠨ ᠪᠠᠶᠢᠷᠢ ᠶᠢ ᠲᠣᠬᠢᠷᠠᠭᠤᠯᠵᠤ᠂ ︽6︾ ᠨᠢ

ᠳᠠᠷᠤᠢ ᠨᠢᠭᠤᠴᠠ ᠮᠡᠳᠡᠭᠡ᠂ ᠠᠮᠤᠷ ᠢ ᠬᠠᠮᠠᠭᠠᠯᠠᠬᠤ᠂ ᠴᠠᠭᠳᠠᠭᠠᠨ ᠤ ᠰᠠᠯᠪᠤᠷᠢ᠂ ᠡᠷᠡᠭᠦᠦ ᠶᠢᠨ ᠬᠡᠷᠡᠭ ᠢ ᠲᠤᠷᠰᠢᠨ

ᠪᠠᠶᠢᠴᠠᠭᠠᠬᠤ᠂ ᠣᠨᠴᠠ ᠴᠠᠭᠳᠠᠭ᠎ᠠ᠂ ᠬᠠᠭᠤᠷᠤᠨ ᠮᠡᠬᠡᠯᠡᠬᠦ ᠶᠢ ᠡᠰᠡᠷᠭᠦᠴᠡᠬᠦ ᠵᠡᠷᠭᠡ 6 ᠴᠠᠭᠳᠠᠭ᠎ᠠ ᠶᠢᠨ ᠲᠦᠷᠦᠯ ᠠᠴᠠ

24 ᠴᠠᠭ ᠲᠠᠰᠤᠯᠳᠠᠭᠤᠯᠤᠯ ᠦᠭᠡᠢ ᠨᠡᠶᠢᠯᠡᠮᠡᠯ ᠪᠠᠶᠢᠯᠳᠤᠭᠠᠨ ᠤ ᠰᠢᠰᠲ᠋ᠧᠮ ᠢ ᠪᠠᠶᠢᠭᠤᠯᠵᠤ᠂ ︽5︾ ᠨᠢ ᠳᠠᠷᠤᠢ 5

ᠲᠤᠷᠰᠢᠯᠭ᠎ᠠ ᠲᠠᠢ ᠱᠠᠯᠠᠪᠳᠠᠭᠤᠯᠤᠨ ᠪᠠᠶᠢᠴᠠᠭᠠᠬᠤ ᠬᠠᠤᠯᠢ ᠳᠦᠷᠢᠮ ᠤᠨ ᠺᠠᠳ᠋ᠷ ᠴᠠᠭᠳᠠᠭ᠎ᠠ ᠶᠢ ᠱᠠᠯᠠᠪᠳᠠᠭᠤᠯᠤᠨ

ᠪᠠᠶᠢᠴᠠᠭᠠᠬᠤ ᠰᠠᠭᠤᠳᠠᠯ ᠢ ᠰᠣᠩᠭᠤᠨ ᠭᠠᠷᠭᠠᠵᠤ᠂ ᠡᠳᠦᠷ ᠪᠦᠷᠢ ᠶᠢᠨ ᠴᠠᠭᠳᠠᠭ᠎ᠠ ᠶᠢᠨ ᠪᠠᠶᠢᠳᠠᠯ ᠢ ᠰᠢᠢᠳᠪᠦᠷᠢᠯᠡᠬᠦ᠂

ᠬᠡᠷᠡᠭ ᠢ ᠵᠢᠯᠣᠭᠤᠳᠤᠨ ᠲᠣᠬᠢᠷᠠᠭᠤᠯᠬᠤ ᠵᠡᠷᠭᠡ ᠪᠠᠶᠢᠳᠠᠯ ᠢ ᠮᠥᠷᠳᠡᠵᠦ᠂ ᠳᠤᠲᠠᠭᠤᠳᠠᠯ ᠲᠠᠢ ᠠᠰᠠᠭᠤᠳᠠᠯ ᠢ ᠣᠯᠵᠤ

ᠮᠡᠳᠡᠪᠡᠯ ᠳᠠᠷᠤᠢ ᠲᠦᠷᠭᠡᠨ ᠬᠤᠯᠪᠣᠭᠳᠠᠯ ᠪᠦᠬᠦᠢ ᠨᠢᠭᠡᠴᠡ ᠳᠤ ᠬᠠᠷᠢᠭᠤ ᠥᠭᠴᠦ ᠴᠡᠭᠴᠡᠯᠡᠨ ᠰᠠᠶᠢᠵᠢᠷᠠᠭᠤᠯᠬᠤ ᠶᠢ

ᠬᠠᠷᠢᠭᠤᠴᠠᠨ᠎ᠠ᠃

    110 ᠵᠢᠯᠤᠭᠤᠳᠬᠤ ᠲᠥᠪ ᠠᠴᠠ ᠡᠯ᠎ᠡ ᠠᠩᠭᠢ ᠶᠢᠨ ᠴᠠᠭᠳᠠᠭ᠎ᠠ ᠶᠢᠨ ᠪᠠᠶᠢᠳᠠᠯ ᠢ ᠣᠯᠵᠤ᠂ ᠬᠠᠮᠤᠭ ᠤᠨ

ᠲᠡᠷᠢᠭᠦᠨ ᠳᠤ ︽ᠪᠠᠶᠢᠳᠠᠯ ᠢ ᠵᠢᠭᠠᠨ ᠳᠣᠬᠢᠵᠤ᠂ ᠭᠠᠷᠮᠠᠭᠠᠢ ᠰᠢᠪᠠᠳᠠᠨ ᠪᠠᠶᠢᠴᠠᠭᠠᠬᠤ︾ ᠶᠢ ᠨᠢᠭᠡ

ᠴᠣᠭᠴᠠᠵᠢᠭᠤᠯᠤᠭᠰᠠᠨ ᠪᠠᠶᠢᠯᠳᠤᠭᠠᠨ ᠤ ᠲᠠᠪᠴᠠᠩ ᠳᠤ ᠬᠠᠮᠵᠢᠨ ᠪᠠᠶᠢᠴᠠᠭᠠᠯᠭᠠᠬᠤ ᠭᠤᠶᠤᠴᠢᠯᠠᠯ ᠢᠶᠠᠨ ᠳᠡᠪᠰᠢᠭᠦᠯᠵᠦ᠂

ᠮᠡᠳᠡᠭᠡᠯᠡᠯ ᠤᠨ ᠵᠢᠯᠣᠭᠤᠳᠤᠯᠭ᠎ᠠ ᠶᠢᠨ ᠬᠠᠮ ᠪᠠᠶᠢᠯᠳᠤᠭᠠᠨ ᠤ ᠲᠥᠪ ᠲᠡᠷᠡ ᠳᠠᠷᠤᠢ ᠳᠤᠨᠢ ᠬᠡᠷᠡᠭ ᠲᠤ ᠣᠷᠣᠵᠤ᠂

ᠤᠯᠠᠨ ᠵᠦᠢᠯ ᠤᠨ ᠲᠤᠷᠰᠢᠨ ᠪᠠᠶᠢᠴᠠᠭᠠᠬᠤ ᠠᠷᠭ᠎ᠠ ᠪᠠᠷᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠲᠣᠮᠣ

ᠳ᠋ᠠᠶᠢᠲ᠋ᠠ ᠪᠠᠷ ᠵᠠᠳᠠᠯᠤᠨ ᠰᠤᠳᠤᠯᠵᠤ ᠮᠠᠭᠠᠳᠯᠠᠵᠤ᠂ ︽ᠦᠨᠳᠦᠰᠦᠨ ᠱᠠᠲᠤᠨ ᠤ ᠴᠡᠷᠢᠭ ᠠᠩᠭᠢ ᠶᠢᠨ ᠬᠢᠨ ᠭᠤᠶᠤᠴᠢᠯᠠᠯ

ᠳᠤᠷᠠᠳᠬᠤ ︱ ᠬᠠᠮ ᠪᠠᠶᠢᠯᠳᠤᠭᠠᠨ ᠤ ᠲᠥᠪ ᠪᠦᠬᠦ ᠲᠠᠯ᠎ᠠ ᠪᠠᠷ ᠲᠤᠯᠭᠠᠭᠤᠷᠢᠯᠠᠨ᠎ᠠ ︱ ᠡᠯ᠎ᠡ ᠴᠠᠭᠳᠠᠭᠠᠨ ᠤ

ᠲᠦᠷᠦᠯ ᠤᠨ ᠬᠠᠮᠵᠢᠯᠴᠠᠨ ᠭᠦᠢᠴᠡᠳᠬᠡᠬᠦ ᠨᠢᠭᠡᠴᠡ ᠬᠠᠮᠵᠢᠯᠴᠠᠨ᠎ᠠ ︱ ᠪᠦᠬᠦ ᠡᠳᠦᠷ ᠢᠶᠠᠷ ᠢᠶᠠᠨ ᠲᠠᠰᠤᠷᠠᠯᠲᠠ ᠦᠭᠡᠢ

ᠬᠠᠷᠢᠭᠤ ᠲᠤᠰᠬᠠᠬᠤ ᠵᠠᠷᠯᠢᠭ ᠵᠢᠭᠠᠪᠤᠷᠢ ᠶᠢᠨ ᠮᠡᠳᠡᠭᠡ ᠵᠠᠩᠭᠢ ︱ ᠡᠯ᠎ᠡ ᠴᠡᠷᠢᠭ ᠠᠩᠭᠢ ᠶᠢᠨ ᠬᠢᠨ ᠲᠦᠷᠭᠡᠨ

ᠪᠠᠶᠢᠴᠠᠭᠠᠨ ᠲᠣᠳᠣᠯᠠᠬᠤ︾︽1᠂ 2᠂ 6᠂ 5︾ ᠬᠠᠮ ᠪᠠᠶᠢᠯᠳᠤᠭᠠᠨ ᠤ ᠲᠣᠭᠲᠠᠴᠠ ᠶᠢ ᠪᠦᠷᠢᠯᠳᠦᠭᠦᠯᠪᠡ᠃

    ᠨᠢᠭᠡ ᠴᠣᠭᠴᠠᠵᠢᠭᠰᠠᠨ ᠪᠠᠶᠢᠯᠳᠤᠭᠠᠨ ᠤ ᠲᠣᠭᠲᠠᠴᠠ  ᠶᠢ ᠪᠠᠶᠢᠭᠤᠯᠬᠤ ᠪᠠᠷ ᠳᠡᠮᠵᠢᠨ᠂ ᠰᠠᠯᠠᠭ᠎ᠠ ᠮᠥᠴᠢᠷ ᠤᠨ

ᠴᠠᠭᠳᠠᠭᠠᠨ ᠤ ᠲᠥᠷᠥᠯ ᠤᠨ ᠬᠦᠴᠦᠨ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠪᠠᠶᠢᠳᠠᠯ ᠢ ᠵᠢᠭᠠᠨ

ᠵᠢᠯᠤᠭᠤᠳᠬᠤ ᠶᠢ ᠲᠦᠷᠦᠭᠦᠯᠡᠨ ᠨᠢᠭᠡᠳᠦᠯᠲᠡᠢ ᠲᠥᠯᠥᠪᠯᠡᠬᠦ᠂ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ

ᠵᠠᠩᠭᠢᠵᠢᠯᠲᠠ ᠶᠢᠨ ᠲᠣᠮᠣ ᠳ᠋ᠠᠶᠢᠲ᠋ᠠ ᠪᠠᠷ ᠲᠤᠯᠭᠠᠭᠤᠷᠢᠯᠠᠭᠤᠯᠬᠤ᠂ ᠲᠣᠭᠲᠠᠭᠤᠨ ᠢ ᠬᠠᠮᠠᠭᠠᠯᠠᠬᠤ ᠲᠤᠰᠬᠠᠢ ᠠᠩᠭᠢ ᠶᠢᠨ

ᠬᠠᠮᠲᠤᠷᠠᠭᠰᠠᠨ ᠦᠢᠯᠡᠴᠢᠯᠡᠭᠡᠨ ᠤ ᠠᠵᠢᠯ ᠢ ᠵᠢᠯᠣᠭᠤᠳᠤᠨ ᠲᠣᠬᠢᠷᠠᠭᠤᠯᠬᠤ᠂ ᠰᠦᠯᠵᠢᠶᠡᠨ ᠳᠡᠭᠡᠷᠡᠬᠢ ᠶᠠᠷᠢᠶ᠎ᠠ

ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠵᠢᠯᠣᠭᠤᠳᠤᠨ ᠡᠵᠡᠮᠳᠡᠬᠦ᠂ ᠴᠠᠭᠳᠠᠭᠠᠨ ᠤ ᠶᠠᠪᠤᠳᠠᠯ ᠢ ᠰᠢᠪᠠᠳᠠᠨ

ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠵᠦ ᠮᠥᠷᠳᠡᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ︽1+1>

2︾ ᠤᠨ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠴᠢᠳᠠᠪᠤᠷᠢ ᠶᠢ ᠪᠡᠶᠡᠯᠡᠭᠦᠯᠵᠦ᠂ ᠤᠤᠯ ᠤᠨ ᠴᠠᠭᠳᠠᠭ᠎ᠠ ᠶᠢ ᠭᠥᠯᠢᠶᠡᠨ

ᠠᠪᠬᠤ ᠪᠠᠷ ᠭᠤᠣᠯ ᠪᠣᠯᠭᠠᠵᠤ ᠪᠠᠶᠢᠭᠰᠠᠨ ᠠᠴᠠ ᠨᠢᠭᠤᠴᠠ ᠮᠡᠳᠡᠭᠡᠨ ᠤ ᠠᠷᠭ᠎ᠠ ᠪᠠᠷᠢᠯ ᠢᠶᠠᠷ ᠲᠤᠯᠭᠠᠭᠤᠷᠢᠯᠠᠭᠤᠯᠬᠤ᠂

ᠪᠠᠶᠢᠯᠳᠤᠭᠠᠨ ᠤ ᠵᠢᠯᠣᠭᠤᠳᠤᠯᠭ᠎ᠠ ᠶᠢ ᠨᠡᠶᠢᠯᠡᠭᠦᠯᠬᠦ ᠦᠨᠳᠦᠰᠦᠨ ᠬᠤᠪᠢᠷᠠᠯᠲᠠ ᠶᠢ ᠪᠡᠶᠡᠯᠡᠭᠦᠯᠵᠦ᠂ ᠨᠡᠶᠢᠯᠡᠯᠲᠡ ᠶᠢᠨ

ᠵᠢᠯᠣᠭᠤᠳᠤᠨ ᠲᠣᠬᠢᠷᠠᠭᠤᠯᠬᠤ ᠴᠢᠳᠠᠪᠤᠷᠢ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃

    ︽ ᠪᠠᠶᠢᠳᠠᠯ ᠢ ᠵᠢᠭᠠᠨ ᠳᠣᠬᠢᠵᠤ᠂ ᠭᠠᠷᠮᠠᠭᠠᠢ ᠰᠢᠪᠠᠳᠠᠨ ᠪᠠᠶᠢᠴᠠᠭᠠᠬᠤ︾ ᠶᠢ ᠨᠢᠭᠡ ᠴᠣᠭᠴᠠᠵᠢᠭᠤᠯᠤᠭᠰᠠᠨ

ᠠᠵᠢᠯᠯᠠᠭᠠᠨ ᠤ ᠲᠣᠭᠲᠠᠴᠠ ᠶᠢ ᠬᠡᠷᠡᠭᠵᠢᠭᠦᠯᠦᠭᠰᠡᠨ ᠠᠴᠠ ᠨᠠᠰᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ

ᠣᠯᠠᠩᠬᠢ ᠴᠠᠭᠳᠠᠭᠠᠨ ᠤ ᠪᠠᠶᠢᠳᠠᠯ ᠢ ᠵᠢᠯᠣᠭᠤᠳᠤᠨ ᠲᠣᠬᠢᠷᠠᠭᠤᠯᠬᠤ ᠭᠤᠭᠴᠤᠭ᠎ᠠ ᠳᠤ 1 ︱ 3 ᠮᠢᠨᠦ᠋ᠲ ᠠᠷᠪᠢᠯᠠᠵᠤ

᠂ ᠴᠠᠭᠳᠠᠭ᠎ᠠ ᠶᠢ ᠭᠥᠯᠢᠶᠡᠨ ᠠᠪᠤᠪᠠᠯ ᠳᠠᠷᠤᠢ ᠴᠠᠭᠳᠠᠭ᠎ᠠ ᠲᠣᠮᠢᠯᠠᠬᠤ ᠶᠢ ᠠᠩᠬ᠎ᠠ ᠠᠯᠬᠤᠮ ᠪᠡᠶᠡᠯᠡᠭᠦᠯᠵᠦ᠂ ᠠᠷᠠᠳ ᠤᠨ

ᠴᠠᠭᠳᠠᠭ᠎ᠠ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠭᠰᠡᠨ ᠪᠥᠭᠡᠳ

ᠴᠠᠭᠳᠠᠭᠠᠨ ᠤ ᠪᠠᠶᠢᠳᠠᠯ ᠢ ᠤᠷᠢᠳᠴᠢᠯᠠᠨ ᠰᠢᠢᠳᠪᠦᠷᠢᠯᠡᠬᠦ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠦᠭᠰᠡᠨ ᠪᠠᠶᠢᠨ᠎ᠠ

᠃ᠣᠳᠣᠬᠠᠨ ᠳᠤ᠂ ︽ ᠪᠠᠶᠢᠳᠠᠯ ᠢ ᠵᠢᠭᠠᠨ ᠳᠣᠬᠢᠵᠤ᠂ ᠭᠠᠷᠮᠠᠭᠠᠢ ᠰᠢᠪᠠᠳᠠᠨ ᠪᠠᠶᠢᠴᠠᠭᠠᠬᠤ︾ ᠶᠢ ᠨᠢᠭᠡ

ᠴᠣᠭᠴᠠᠵᠢᠭᠤᠯᠬᠤ ᠨᠢ ᠲᠣᠭᠲᠠᠭᠤᠨ ᠪᠠᠶᠢᠳᠠᠯ ᠢ ᠬᠠᠮᠠᠭᠠᠯᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂

ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠤᠯᠠᠮ ᠠᠴᠠ ᠤᠯᠠᠮ ᠴᠢᠬᠤᠯᠠ ᠦᠢᠯᠡᠳᠦᠯ

ᠦᠵᠡᠭᠦᠯᠵᠦ ᠪᠠᠶᠢᠨ᠎ᠠ᠃ᠮᠡᠳᠡᠭᠡᠯᠡᠯ ᠤᠨ ᠵᠢᠯᠣᠭᠤᠳᠤᠯᠭ᠎ᠠ ᠶᠢᠨ ᠨᠡᠶᠢᠯᠡᠮᠡᠯ ᠪᠠᠶᠢᠯᠳᠤᠭᠠᠨ ᠤ ᠲᠥᠪ ᠨᠢ ᠡᠳᠦᠷ

ᠪᠦᠷᠢ ᠶᠢᠨ ᠴᠠᠭᠳᠠᠭᠠᠨ ᠤ ᠪᠠᠶᠢᠳᠠᠯ ᠢ 80 ᠭᠠᠷᠤᠢ ᠤᠳᠠᠭ᠎ᠠ ᠳᠤ ᠮᠥᠷᠳᠡᠨ ᠣᠷᠣᠵᠤ᠂ ᠨᠡᠶᠢᠯᠡᠯᠲᠡ ᠶᠢᠨ ᠰᠤᠳᠤᠯᠤᠨ

ᠮᠠᠭᠠᠳᠯᠠᠯᠲᠠ ᠶᠢ 30 ᠭᠠᠷᠤᠢ ᠤᠳᠠᠭ᠎ᠠ ᠥᠷᠨᠢᠭᠦᠯᠵᠦ᠂ ᠸᠢᠳᠢᠤ᠋᠂ ᠮᠡᠳᠡᠭᠡᠯᠡᠯ᠂ ᠴᠠᠭᠳᠠᠭᠠᠨ ᠤ ᠰᠠᠯᠪᠤᠷᠢ᠂ ᠮᠡᠬᠡᠯᠡᠬᠦ ᠶᠢ

ᠡᠰᠡᠷᠭᠦᠴᠡᠬᠦ ᠵᠡᠷᠭᠡ ᠲᠤᠭ᠎ᠠ ᠪᠠᠷᠢᠮᠲᠠ ᠶᠢᠨ ᠲᠤᠯᠭᠠᠭᠤᠷᠢᠯᠠᠯ 70 ᠭᠠᠷᠤᠢ ᠵᠤᠷᠪᠤᠰ ᠢ ᠬᠠᠩᠭᠠᠵᠠᠢ᠃ᠠᠵᠢᠯᠯᠠᠭ᠎ᠠ ᠳᠤ

ᠣᠷᠣᠯᠴᠠᠭᠰᠠᠨ   ᠠᠴᠠ ᠨᠠᠰᠢ᠂ ᠨᠡᠶᠢᠲᠡ 30 ᠭᠠᠷᠤᠢ ᠬᠡᠷᠡᠭ   ᠢ ᠢᠯᠡᠷᠡᠭᠦᠯᠵᠦ᠂ 40 ᠭᠠᠷᠤᠢ ᠰᠡᠵᠢᠭᠲᠡᠨ   ᠢ

ᠬᠠᠪᠰᠤᠷᠤᠨ ᠪᠠᠷᠢᠪᠴᠢᠯᠠᠵᠤ᠂ 6 ᠰᠠᠷ᠎ᠠ ᠳᠤ ᠮᠡᠬᠡᠯᠡᠨ ᠬᠢᠬᠠᠬᠤ   ᠶᠢ ᠡᠰᠡᠷᠭᠦᠴᠡᠨ ᠰᠦᠯᠵᠢᠶ᠎ᠡ   ᠶᠢ ᠬᠤᠷᠢᠶᠠᠬᠤ

ᠠᠵᠢᠯᠯᠠᠭ᠎ᠠ ᠥᠷᠨᠢᠭᠦᠯᠵᠦ᠂ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠬᠡᠷᠡᠭ   ᠢ ᠨᠡᠶᠢᠲᠡ 10 ᠭᠠᠷᠤᠢ ᠢᠯᠡᠷᠡᠭᠦᠯᠵᠦ᠂

8 ᠰᠡᠵᠢᠭᠲᠡᠨ   ᠢ ᠪᠠᠷᠢᠪᠴᠢᠯᠠᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号