ᠲᠦᠩᠯᠢᠶᠣᠣ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ︽ᠨᠡᠶᠢᠳᠡᠮ ᠬᠡᠷᠡᠭᠯᠡᠬᠦ ᠺᠣᠳ᠋︾ ᠢ ᠪᠥᠬᠦ ᠲᠠᠯ᠎ᠠ ᠪᠠᠷ ᠬᠡᠷᠡᠭᠯᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/8/16
    ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠮᠤᠭ ᠤᠨ ᠪᠠᠭ᠎ᠠ ᠨᠢᠭᠡᠴᠡ ᠶᠢᠨ ᠬᠢᠵᠢᠭ ᠢ ᠰᠡᠷᠭᠡᠶᠢᠯᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠠᠬᠢᠭᠤᠯᠬᠤ ᠶᠢᠨ ᠲᠥᠯᠥᠭᠡ᠂ 2022 ᠣᠨ ᠤ 8 ᠰᠠᠷ᠎ᠠ ᠶᠢᠨ 15 ᠤ ᠡᠳᠦᠷ ᠠᠴᠠ ᠡᠬᠢᠯᠡᠨ᠂ ᠪᠥᠬᠦ ᠬᠤᠲᠠ ᠶᠢᠨ ᠬᠡᠪᠴᠢᠶᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠨᠡᠶᠢᠳᠡᠮ ᠬᠡᠷᠡᠭᠯᠡᠬᠦ ᠺᠣᠳ᠋︾ ︵ᠳᠠᠷᠤᠢ ︽ᠰᠤᠷᠪᠤᠯᠵᠢᠯᠠᠬᠤ ᠪᠠᠷ ᠢᠷᠡᠬᠦ ᠲᠠᠯᠠᠪᠤᠷ ᠤᠨ ᠳᠠᠩᠰᠠᠯᠠᠬᠤ ᠰᠢᠰᠲ᠋ᠧᠮ︾᠂ ︽ᠨᠡᠶᠢᠳᠡᠮ ᠬᠡᠷᠡᠭᠯᠡᠬᠦ ᠺᠣᠳ᠋︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠡᠬᠢᠯᠡᠨ ᠬᠡᠷᠡᠭᠯᠡᠵᠦ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠪᠦᠬᠦ ᠬᠤᠲᠠ ᠶᠢᠨ ᠡᠯ᠎ᠡ ᠲᠥᠷᠥᠯ ᠤᠨ ᠠᠯᠪᠠᠯᠠᠬᠤ ᠭᠠᠵᠠᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠮ ᠤᠨ ᠳᠡᠯᠭᠡᠭᠦᠷ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠰᠤᠷᠭᠠᠭᠤᠯᠢ ᠶᠢᠨ ᠬᠦᠷᠢᠶ᠎ᠡ᠂ ᠱᠠᠰᠢᠨ ᠰᠤᠷᠲᠠᠬᠤᠨ ᠵᠡᠷᠭᠡ ᠨᠡᠶᠢᠭᠡᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠬᠡᠳᠦ ᠳᠡᠯᠭᠡᠭᠦᠷ᠂ ᠢᠳᠡᠭᠡᠨ ᠤᠮᠳᠠᠭᠠᠨ ᠵᠡᠷᠭᠡ ᠠᠷᠠᠯᠵᠢᠶ᠎ᠠ ᠬᠤᠳᠠᠯᠳᠤᠭᠠᠨ ᠤ ᠲᠠᠯᠠᠪᠤᠷ᠂ ᠵᠤᠭᠠᠴᠠᠯ ᠤᠨ ᠦᠵᠡᠮᠵᠢ ᠶᠢᠨ ᠭᠠᠵᠠᠷ᠂ ᠰᠣᠶᠣᠯ ᠵᠤᠭ᠎ᠠ ᠴᠡᠩᠭᠡᠯ᠂ ᠪᠡᠶ᠎ᠡ ᠶᠢᠨ ᠲᠠᠮᠢᠷ᠂ ᠪᠡᠶ᠎ᠡ ᠴᠢᠭᠢᠷᠠᠭᠵᠢᠭᠤᠯᠬᠤ᠂ ᠵᠣᠴᠢᠳ ᠤᠨ ᠪᠠᠭᠤᠳᠠᠯ ᠵᠡᠷᠭᠡ ᠦᠢᠯᠡᠴᠢᠯᠡᠭᠡᠨ ᠤ ᠦᠢᠯᠡᠰ ᠤᠨ ᠲᠠᠯᠠᠪᠤᠷ ᠭᠠᠵᠠᠷ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ᠂ ᠴᠡᠴᠡᠷᠯᠢᠭ᠂ ᠨᠡᠶᠢᠲᠡ ᠶᠢᠨ ᠮᠠᠰᠢᠨ ᠲᠡᠷᠭᠡ᠂ ᠡᠵᠡᠩᠨᠡᠯᠲᠡ ᠶᠢᠨ ᠲᠡᠷᠭᠡ ᠵᠡᠷᠭᠡ ᠣᠯᠠᠨ ᠨᠡᠶᠢᠲᠡ ᠶᠢᠨ ᠲᠠᠯᠠᠪᠤᠷ᠂ ᠡᠯ᠎ᠡ ᠲᠥᠷᠥᠯ ᠤᠨ ᠠᠵᠤ ᠠᠬᠤᠶᠢᠯᠠᠯ᠂ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠬᠦ ᠪᠠ ᠪᠠᠷᠢᠯᠭ᠎ᠠ ᠶᠢᠨ ᠠᠵᠢᠯ ᠤᠨ ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ᠂ ᠲᠣᠰᠬᠤᠨ ᠳᠤᠭᠤᠶᠢᠯᠠᠩ᠂ ᠨᠡᠶᠢᠭᠡᠮ ᠲᠣᠭᠤᠷᠢᠭ᠂ ᠵᠢᠵᠢᠭ ᠲᠣᠭᠤᠷᠢᠭ ᠵᠡᠷᠭᠡ ᠪᠤᠰᠤᠳ ᠰᠠᠭᠤᠭᠠᠯᠢ ᠠᠷᠠᠳ ᠤᠨ ᠠᠵᠢᠯᠯᠠᠭᠠᠨ ᠤ ᠲᠠᠯᠠᠪᠤᠷ ᠭᠠᠵᠠᠷ ᠨᠢ ᠢᠯᠡ ᠭᠠᠵᠠᠷ ᠲᠤ ︽ᠨᠡᠶᠢᠳᠡᠮ ᠬᠡᠷᠡᠭᠯᠡᠬᠦ ᠺᠣᠳ᠋︾ ᠢ ᠨᠠᠭᠠᠵᠤ ᠡᠯᠭᠦᠨ᠂ ︽ᠬᠡᠨ ᠬᠠᠮᠢᠶᠠᠷᠪᠠᠯ ᠬᠡᠨ ᠬᠠᠷᠢᠭᠤᠴᠠᠬᠤ︾ ︽ᠬᠡᠨ ᠡᠵᠡᠩᠨᠡᠪᠡᠯ ᠬᠡᠨ ᠬᠠᠷᠢᠭᠤᠴᠠᠬᠤ︾ ︽ᠬᠡᠨ ᠵᠣᠬᠢᠶᠠᠨ ᠪᠠᠶᠢᠭᠤᠯᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠺᠣᠳ᠋ ᠰᠢᠷᠪᠢᠬᠦ ᠶᠢ ᠳᠡᠩᠰᠡᠯᠡᠨ ᠲᠡᠮᠳᠡᠭᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠣᠷᠣᠪᠠᠯ ᠵᠠᠪᠠᠯ ᠪᠠᠶᠢᠴᠠᠭᠠᠵᠤ᠂ ᠣᠷᠣᠪᠠᠯ ᠵᠠᠪᠠᠯ ᠰᠢᠷᠪᠢᠵᠦ᠂ ᠰᠢᠷᠪᠢᠪᠡᠯ ᠵᠠᠪᠠᠯ ᠪᠠᠶᠢᠴᠠᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ︾ ᠶᠢ ᠪᠡᠶᠡᠯᠡᠭᠦᠯᠬᠦ ᠬᠡᠷᠡᠭᠲᠡᠢ᠃    ᠬᠤᠶᠠᠷ᠂ ︽ᠨᠢᠭᠡ ᠨᠡᠪᠲᠡᠷᠡᠬᠦ ᠺᠣᠳ᠋︾ ᠨᠢ ᠨᠢᠭᠡᠨᠲᠡ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠤᠨ ᠲᠤᠭ᠎ᠠ ᠪᠠᠷᠢᠮᠲᠠ ᠯᠤᠭ᠎ᠠ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠠᠳᠠᠯᠢ ᠳᠡᠯᠭᠡᠴᠡ ᠪᠠᠷ ᠢᠯᠡᠷᠡᠭᠦᠯᠬᠦ ᠶᠢ ᠪᠡᠶᠡᠯᠡᠭᠦᠯᠵᠦ᠂ ᠰᠢᠭᠤᠳ ︽ᠨᠢᠭᠡ ᠨᠡᠪᠲᠡᠷᠡᠬᠦ ᠺᠣᠳ᠋︾ ᠤᠨ ᠵᠠᠭᠠᠭ ᠨᠢᠭᠤᠷ   ᠠᠴᠠ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠤᠨ ᠮᠡᠳᠡᠭᠡ ᠵᠠᠩᠭᠢ ᠶᠢ ᠪᠠᠶᠢᠴᠠᠭᠠᠨ ᠰᠢᠯᠭᠠᠵᠤ ᠪᠣᠯᠣᠨ᠎ᠠ᠃ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠣᠰ ᠣᠷᠣᠨ ᠪᠦᠰᠡ᠂ ᠲᠣᠰ ᠠᠵᠢᠯ ᠲᠥᠷᠥᠯ ᠤᠨ ᠢᠶᠠᠨ ᠺᠣᠳ᠋ ᠰᠢᠷᠪᠢᠵᠦ ᠪᠠᠶᠢᠴᠠᠭᠠᠨ ᠰᠢᠯᠭᠠᠬᠤ ᠠᠵᠢᠯ ᠤᠨ ᠪᠠᠶᠢᠷᠢᠯᠠᠭᠤᠯᠤᠯᠲᠠ ᠪᠠ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠂ ᠠᠵᠢᠯ ᠲᠥᠷᠥᠯ ᠤᠨ ᠭᠤᠣᠯᠳᠠᠯᠭ᠎ᠠ ᠲᠠᠢ ᠭᠠᠵᠠᠷ ᠲᠠᠯᠠᠪᠤᠷ ᠤᠨ ᠴᠠᠭ ᠲᠤᠬᠠᠢ ᠳᠤᠨᠢ ᠭᠤᠶᠤᠴᠢᠯᠠᠨ ᠠᠪᠴᠤ ᠬᠡᠷᠡᠭᠯᠡᠬᠦ ᠶᠢ ᠰᠢᠮᠳᠠᠭᠤᠯᠵᠤ᠂ ᠠᠵᠢᠯ ᠲᠥᠷᠥᠯ ᠤᠨ ᠳᠣᠲᠣᠭᠠᠳᠤ ᠳᠠᠭᠠᠨ ᠬᠡᠷᠡᠭᠯᠡᠬᠦ ᠶᠢ ᠪᠦᠷᠢᠨ ᠪᠦᠷᠬᠦᠭᠦᠯᠬᠦ ᠶᠢ ᠲᠦᠷᠭᠡᠬᠡᠨ ᠪᠡᠶᠡᠯᠡᠭᠦᠯᠵᠦ᠂ ᠺᠣᠳ᠋ ᠰᠢᠷᠪᠢᠵᠦ ᠨᠡᠪᠲᠡᠷᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠳᠥᠷᠪᠡᠨ ᠰᠢᠯᠤᠭᠤᠨ ᠪᠤᠰᠤ︾ ᠠᠷᠭ᠎ᠠ ᠮᠠᠶ᠋ᠢᠭ ᠢ ᠠᠪᠴᠤ ᠪᠠᠶᠢᠭᠠᠳ ︽ᠨᠢᠭᠡ ᠨᠡᠶᠢᠳᠡᠮ ᠬᠡᠷᠡᠭᠯᠡᠬᠦ ᠺᠣᠳ᠋︾ ᠤᠨ ᠬᠡᠷᠡᠭᠯᠡᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠬᠡᠷᠡᠭᠯᠡᠬᠦ ᠪᠠᠷ ᠴᠠᠭ ᠲᠤᠬᠠᠢ ᠳᠤᠨᠢ ᠭᠤᠶᠤᠴᠢᠯᠠᠨ ᠠᠪᠠᠴᠢᠭᠰᠠᠨ ᠦᠭᠡᠢ ᠲᠠᠯᠠᠪᠤᠷ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠪᠠᠶᠢᠳᠠᠯ ᠢ  ᠨᠢ ᠦᠵᠡᠵᠦ ᠪᠠᠶᠢᠭᠠᠳ ᠬᠠᠷᠢᠶ᠎ᠠ ᠭᠠᠵᠠᠷ ᠤᠨ ᠨᠢᠭᠡᠴᠡ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃    ᠭᠤᠷᠪᠠ᠂ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠬᠥᠮᠥᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠢᠳᠡᠪᠬᠢᠲᠡᠢ ᠬᠠᠮᠵᠢᠯᠴᠠᠵᠤ᠂ ᠰᠠᠨᠠᠭᠠᠴᠢᠯᠠᠭ᠎ᠠ   ᠠᠴᠠ ᠪᠠᠨ ︽ᠨᠡᠶᠢᠳᠡᠮ ᠬᠡᠷᠡᠭᠯᠡᠬᠦ ᠺᠣᠳ᠋︾ ᠢ ᠰᠢᠷᠪᠢᠵᠦ᠂ ᠰᠠᠨᠠᠭᠠᠴᠢᠯᠠᠭ᠎ᠠ   ᠠᠴᠠ ᠪᠠᠨ ᠲᠠᠯᠠᠪᠤᠷ ᠭᠠᠵᠠᠷ ᠤᠨ ᠠᠵᠢᠯᠲᠠᠳ ᠲᠤ ᠺᠣᠳ᠋ ᠰᠢᠷᠪᠢᠭᠰᠡᠨ ᠦᠷ᠎ᠡ ᠳ᠋ᠦᠩ ᠢᠶᠠᠨ ᠦᠵᠡᠭᠦᠯᠵᠦ᠂ ᠺᠣᠳ᠋ ᠰᠢᠷᠪᠢᠭᠰᠡᠨ ᠦᠷ᠎ᠡ ᠳ᠋ᠦᠩ ᠨᠢ ᠬᠡᠪ ᠤᠨ ᠪᠤᠰᠤ ᠪᠠᠶᠢᠳᠠᠯ ᠭᠠᠷᠬᠤ ᠦᠶ᠎ᠡ ᠳᠤ᠂ ᠬᠠᠮᠢᠶ᠎ᠠ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ᠣᠶᠤᠨᠯᠢᠭ ᠭᠠᠷ ᠤᠲᠠᠰᠤ ᠦᠭᠡᠢ ᠨᠠᠰᠤᠲᠠᠨ᠂ ᠬᠡᠦᠬᠡᠳ ᠵᠢᠴᠢ ᠣᠨᠴᠠᠭᠠᠶ ᠠᠵᠢᠯᠯᠠᠬᠤ ᠨᠥᠬᠦᠴᠡᠯ ᠦᠭᠡᠢ ᠬᠥᠮᠥᠰ ᠵᠢᠭᠤᠯᠴᠢᠯᠠᠨ ᠰᠠᠭᠤᠭᠰᠠᠨ ᠲᠡᠦᠬᠡ᠂ ᠪᠡᠶ᠎ᠡ ᠶᠢᠨ ᠦᠨᠡᠮᠯᠡᠯ ᠵᠡᠷᠭᠡ ᠬᠦᠴᠦᠨ ᠪᠦᠬᠦᠢ ᠮᠡᠳᠡᠭᠡ ᠵᠠᠩᠭᠢ ᠶᠢ ᠬᠢᠨᠠᠨ ᠰᠢᠯᠭᠠᠭᠰᠠᠨ ᠤ ᠳᠠᠷᠠᠭ᠎ᠠ ᠰᠠᠶ᠋ᠢ ᠨᠡᠪᠲᠡᠷᠡᠵᠦ ᠪᠣᠯᠣᠨ᠎ᠠ᠃    ᠳᠥᠷᠪᠡ᠂ ︽ᠨᠡᠶᠢᠳᠡᠮ ᠬᠡᠷᠡᠭᠯᠡᠬᠦ ᠺᠣᠳ᠋︾ ᠪᠣᠯ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠢᠷᠡᠯᠲᠡ ᠶᠢ ᠡᠷᠢᠬᠦ ᠴᠢᠬᠤᠯᠠ ᠠᠷᠭ᠎ᠠ ᠪᠠᠷᠢᠯ ᠮᠥᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠭᠴᠢ ᠶᠢ ᠬᠠᠪᠰᠤᠷᠤᠨ ᠣᠷᠣᠵᠤ ᠭᠠᠷᠬᠤ ᠬᠥᠮᠥᠰ ᠤᠨ ᠮᠡᠳᠡᠭᠡ ᠵᠠᠩᠭᠢ ᠶᠢ ᠳᠡᠩᠰᠡᠯᠡᠨ ᠲᠡᠮᠳᠡᠭᠯᠡᠵᠦ᠂ ᠣᠷᠣᠵᠤ ᠭᠠᠷᠬᠤ ᠬᠥᠮᠥᠰ ᠤᠨ ᠡᠷᠡᠭᠦᠯ ᠮᠡᠨᠳᠦ ᠶᠢᠨ ᠺᠣᠳ᠋ ᠤᠨ ᠪᠠᠶᠢᠳᠠᠯ ᠢ ᠬᠢᠨᠠᠨ ᠰᠢᠯᠭᠠᠵᠤ ᠡᠵᠡᠮᠰᠢᠨ᠂ ᠲᠣᠰ ᠲᠠᠯᠠᠪᠤᠷ ᠤᠨ ᠬᠥᠮᠥᠰ ᠤᠨ ᠰᠢᠯᠵᠢᠯᠲᠡ ᠶᠢᠨ ᠪᠠᠶᠢᠳᠠᠯ ᠢ ᠪᠦᠷᠢᠳᠬᠡᠨ ᠵᠠᠳᠠᠯᠵᠤ᠂ ᠨᠠᠷᠢᠯᠢᠭ ᠣᠨᠣᠴᠠᠲᠠᠢ ᠪᠠᠷ ᠨᠡᠬᠡᠮᠵᠢᠯᠡᠬᠦ ᠪᠠ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠠᠭ ᠲᠤᠬᠠᠢ ᠳᠤᠨᠢ ᠪᠦᠲᠦᠮᠵᠢᠲᠡᠶ ᠥᠷᠨᠢᠭᠦᠯᠵᠦ ᠪᠣᠯᠣᠨ᠎ᠠ᠃︽ᠨᠡᠶᠢᠳᠡᠮ ᠬᠡᠷᠡᠭᠯᠡᠬᠦ ᠲᠡᠮᠳᠡᠭ︾ ᠤᠨ ᠬᠤᠯᠪᠣᠭᠳᠠᠯ ᠪᠦᠬᠦᠢ ᠬᠡᠷᠡᠭᠯᠡᠬᠦ ᠱᠠᠭᠠᠷᠳᠠᠯᠭ᠎ᠠ ᠶᠢ ᠬᠡᠷᠡᠭᠵᠢᠭᠦᠯᠬᠦ ᠶᠢ ᠲᠡᠪᠴᠢᠭᠰᠡᠨ ᠨᠢᠭᠡᠴᠡ ᠪᠠ ᠬᠤᠪᠢ ᠬᠥᠮᠥᠨ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠵᠡᠷᠭᠡ ᠬᠦᠨᠳᠦ ᠨᠣᠴᠢᠲᠠᠢ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ   ᠠᠴᠠ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠳᠬᠡᠨ ᠲᠣᠷᠭᠠᠬᠤ ᠪᠠ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ᠂ ︽ᠨᠢᠭᠡ ᠨᠡᠶᠢᠳᠡᠮ ᠨᠡᠪᠲᠡᠷᠡᠬᠦ ᠺᠣᠳ᠋︾ ᠢ ᠬᠡᠷᠡᠭᠯᠡᠬᠦ ᠲᠣᠳᠣᠷᠬᠠᠶᠢᠯᠠᠯᠲᠠ︵ᠨᠢᠭᠡ︶ ᠨᠢᠭᠡᠴᠡ ᠲᠠᠯᠠᠪᠤᠷ ᠭᠠᠵᠠᠷ ᠪᠤᠶᠤ ᠡᠵᠡᠩᠨᠡᠯᠲᠡ ᠶᠢᠨ ᠭᠤᠣᠯ ᠴᠣᠭᠴᠠ ᠶᠢᠨ ︽ᠨᠡᠶᠢᠳᠡᠮ ᠨᠡᠪᠲᠡᠷᠡᠬᠦ ᠺᠣᠳ᠋︾ ᠢ ᠬᠡᠷᠡᠭᠯᠡᠬᠦ ᠴᠤᠪᠤᠷᠠᠯᠨᠢᠭᠡᠳᠦᠭᠡᠷ ᠠᠯᠬᠤᠮ᠄ ᠸᠢᠴᠠᠲ ᠤᠨ ᠨᠡᠶᠢᠲᠡ ᠶᠢᠨ ᠳ᠋ᠤᠭᠠᠷ ︽ᠡᠷᠡᠭᠦᠯ ᠡᠩᠬᠡ ᠶᠢᠨ ᠲᠦᠩᠯᠢᠶᠣᠣ︾ ᠳᠤ ᠲᠡᠮᠳᠡᠭᠯᠡᠨ᠂ ︽ᠡᠷᠡᠭᠦᠯ ᠡᠩᠬᠡ ᠶᠢᠨ ᠺᠣᠳ᠋︾ ᠢ ᠳᠠᠷᠤᠵᠤ᠂ ᠲᠣᠪᠶᠤᠭ ᠤᠨ ︽ᠨᠡᠶᠢᠳᠡᠮ ᠬᠡᠷᠡᠭᠯᠡᠬᠦ ᠺᠣᠳ᠋ ᠭᠤᠶᠤᠴᠢᠯᠠᠬᠤ︾ ︵ᠠᠩᠬ᠎ᠠ ᠤᠳᠠᠭ᠎ᠠ ᠣᠷᠣᠬᠤ ᠳᠤ ᠦᠨᠡᠨ ᠨᠡᠷ᠎ᠡ ᠪᠠᠷ ᠢᠶᠠᠨ ᠭᠡᠷᠡᠴᠢᠯᠡᠬᠦ ᠴᠢᠬᠤᠯᠠᠲᠠᠢ︶ ᠶᠢ ᠳᠠᠷᠤᠵᠤ᠂ ᠣᠨᠣᠪᠴᠢᠲᠠᠶ ᠮᠡᠳᠡᠭᠡ ᠵᠠᠩᠭᠢ ᠶᠢ ᠲᠠᠭᠯᠠᠵᠤ᠂ ︽ᠨᠡᠶᠢᠳᠡᠮ ᠬᠡᠷᠡᠭᠯᠡᠬᠦ ᠺᠣᠳ᠋︾ ᠢ ᠪᠣᠶ ᠪᠣᠯᠭᠠᠨ᠎ᠠ᠃ᠬᠤᠶᠠᠳᠤᠭᠠᠷ ᠠᠯᠬᠤᠮ᠄ ᠬᠤᠶᠠᠷ ᠬᠡᠮᠵᠢᠯᠲᠦ ᠺᠣᠳ᠋ ᠤᠨ ᠬᠡᠷᠡᠯ ᠵᠢᠷᠤᠭ ᠢ ᠬᠠᠳᠠᠭᠠᠯᠠᠵᠤ᠂ A4 ᠪᠤᠳᠤᠭᠲᠤ ᠳᠠᠷᠤᠮᠠᠯᠯᠠᠯ ᠢᠶᠠᠷ ᠨᠠᠭᠠᠨ᠎ᠠ᠂ ᠳᠠᠷᠤᠮᠠᠯᠯᠠᠬᠤ ᠲᠤᠭ᠎ᠠ ᠬᠡᠮᠵᠢᠶ᠎ᠡ ᠶᠢ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃︵ᠬᠤᠶᠠᠷ︶ ᠬᠤᠪᠢ ᠬᠥᠮᠥᠨ ᠤ ︽ᠨᠢᠭᠡ ᠨᠡᠪᠲᠡᠷᠡᠬᠦ ᠺᠣᠳ᠋︾ ᠢ ᠬᠡᠷᠡᠭᠯᠡᠬᠦ ᠴᠤᠪᠤᠷᠠᠯᠭᠠᠷ ᠤᠲᠠᠰᠤᠨ ᠤ ᠸᠢᠴᠠᠲ ᠢᠶᠠᠷ ︽ᠨᠢᠭᠡ ᠰᠢᠷᠪᠢᠬᠦ︾ ᠴᠢᠳᠠᠮᠵᠢ ᠪᠠᠷ ︽ᠨᠢᠭᠡ ᠨᠡᠪᠲᠡᠷᠡᠬᠦ ᠺᠣᠳ᠋︾ ᠢ ᠰᠢᠷᠪᠢᠵᠦ᠂ ᠳᠡᠩᠰᠡᠯᠡᠨ ᠲᠡᠮᠳᠡᠭᠯᠡᠬᠦ ᠶᠠᠪᠤᠴᠠ ᠳᠤ ᠣᠷᠣᠪᠠᠯ᠂ ᠳᠡᠩᠰᠡᠯᠡᠨ ᠲᠡᠮᠳᠡᠭᠯᠡᠭᠡᠳ ᠠᠮᠵᠢᠯᠲᠠ ᠣᠯᠣᠭᠰᠠᠨ ᠢ ᠢᠯᠡᠷᠡᠭᠦᠯᠪᠡᠯ ᠪᠣᠯᠴᠢᠬᠠᠨ᠎ᠠ ︵︽ᠡᠷᠡᠭᠦᠯ ᠡᠩᠬᠡ ᠲᠦᠩᠯᠢᠶᠣᠣ︾ ᠸᠢᠴᠠᠲ ᠤᠨ ᠨᠡᠶᠢᠲᠡ ᠶᠢᠨ ᠳ᠋ᠤᠭᠠᠷ ᠳᠡᠭᠡᠷ᠎ᠡ ᠠᠴᠠ ᠡᠷᠡᠭᠦᠯ ᠮᠡᠨᠳᠦ ᠶᠢᠨ ᠺᠣᠳ᠋ ᠭᠤᠶᠤᠴᠢᠯᠠᠨ ᠠᠪᠤᠭᠰᠠᠨ ᠦᠭᠡᠢ ᠬᠡᠷᠡᠭᠯᠡᠭᠴᠢ ᠶᠢ ᠦᠨᠡᠨ ᠨᠡᠷ᠎ᠡ ᠪᠠᠷ ᠢᠶᠠᠨ ᠭᠡᠷᠡᠴᠢᠯᠡᠭᠦᠯᠬᠦ ᠬᠡᠷᠡᠭᠲᠡᠢ ︶᠃         ᠲᠦᠩᠯᠢᠶᠣᠣ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                           2022 ᠣᠨ ᠤ 8 ᠰᠠᠷ᠎ᠠ ᠶᠢᠨ 14
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号