ᠬᠤᠤᠯᠢᠩᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠤᠷᠢᠳᠴᠢᠯᠠᠨ ᠰᠡᠷᠭᠡᠶᠢᠯᠡᠬᠦ ᠴᠢᠨᠠᠷᠲᠠᠢ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/9/14
ᠥᠷᠭᠡᠨ ᠤᠯᠠᠨ ᠬᠤᠳᠠ ᠶᠢᠨ ᠠᠷᠠᠳ ᠨᠠᠶᠢᠵᠢ ᠨᠠᠷ ᠡ᠄    ᠣᠳᠣᠬᠠᠨ ᠳᠤ᠂ ᠪᠦᠬᠦ ᠤᠯᠤᠰ ᠲᠤ ᠬᠢᠵᠢᠭ ᠤᠨ ᠪᠠᠶᠢᠳᠠᠯ ᠣᠯᠠᠨ ᠭᠠᠵᠠᠷ ᠲᠤ ᠡᠭᠦᠰᠴᠦ᠂ ᠬᠡᠰᠡᠭ ᠭᠠᠵᠠᠷ ᠲᠤ ᠭᠡᠨᠡᠳᠲᠡ ᠡᠭᠦᠰᠬᠦ ᠪᠠᠶᠢᠳᠠᠯ ᠢᠯᠡᠷᠡᠵᠦ᠂ ᠢᠯᠠᠩᠭᠤᠶ᠎ᠠ ᠮᠠᠨ ᠤ ᠬᠤᠲᠠ ᠶᠢᠨ ᠡᠷᠭᠢᠨ ᠲᠣᠭᠤᠷᠢᠨ ᠤ ᠴᠠᠩᠴᠦ᠋ᠨ ᠬᠤᠲᠠ᠂ ᠤᠯᠠᠭᠠᠨᠬᠠᠳᠠ ᠬᠤᠲᠠ᠂ ᠱᠧᠨᠶᠠᠩ ᠬᠤᠲᠠ ᠵᠡᠷᠭᠡ ᠭᠠᠵᠠᠷ ᠲᠤ ᠤᠷᠢᠳ ᠬᠤᠵᠢᠳ ᠲᠤᠰ ᠭᠠᠵᠠᠷ ᠤᠨ ᠬᠢᠵᠢᠭ ᠤᠨ ᠪᠠᠶᠢᠳᠠᠯ ᠭᠠᠷᠴᠤ᠂ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ᠂ ᠡᠭᠦᠨ ᠤ ᠳᠡᠭᠡᠷ᠎ᠡ ᠨᠠᠢᠮᠠᠨ ᠰᠠᠷ᠎ᠠ   ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ ᠮᠠᠨ ᠤ ᠬᠤᠲᠠ   ᠶᠢᠨ ᠨᠠᠰᠢ ᠴᠠᠰᠢ ᠶᠠᠪᠤᠬᠤ ᠬᠥᠮᠥᠨ ᠤ ᠲᠤᠭ᠎ᠠ ᠨᠡᠮᠡᠭᠳᠡᠵᠦ᠂ ︽ᠭᠠᠳᠠᠨ᠎ᠠ   ᠠᠴᠠ ᠣᠷᠣᠭᠤᠯᠬᠤ   ᠶᠢ ᠰᠡᠷᠭᠡᠶᠢᠯᠡᠵᠦ᠂ ᠳᠣᠲᠣᠭᠠᠳᠤ   ᠳᠤ ᠳᠠᠬᠢᠨ ᠡᠭᠦᠰᠬᠦ ᠶᠢ ᠰᠡᠷᠭᠡᠶᠢᠯᠡᠬᠦ︾ ᠡᠭᠦᠷᠭᠡ ᠮᠥᠨ ᠬᠦ ᠪᠡᠷᠬᠡ ᠬᠠᠲᠠᠭᠤᠵᠢᠯᠲᠠᠢ ᠪᠠᠶᠢᠭᠰᠠᠭᠠᠷ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠦᠷ᠎ᠡ ᠪᠦᠲᠦᠭᠡᠯ   ᠢ ᠪᠠᠬᠢᠵᠢᠭᠦᠯᠵᠦ᠂ ᠬᠤᠲᠠ   ᠶᠢᠨ ᠠᠷᠠᠳ ᠤᠨ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ   ᠢ ᠦᠨᠡᠨᠬᠦ ᠪᠠᠲᠤᠯᠠᠬᠤ   ᠶᠢᠨ ᠲᠥᠯᠥᠭᠡ᠂ ᠬᠤᠲᠠ   ᠶᠢᠨ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠵᠢᠯᠤᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ 9 ᠰᠠᠷ᠎ᠠ   ᠶᠢᠨ 14 ᠤ ᠡᠳᠦᠷ ᠠᠴᠠ ᠡᠬᠢᠯᠡᠨ ᠪᠦᠬᠦ ᠬᠤᠲᠠ   ᠶᠢᠨ ᠬᠡᠪᠴᠢᠶᠡᠨ ᠳᠤ 3 ᠡᠳᠦᠷ ᠤᠨ ᠬᠤᠭᠤᠴᠠᠭ᠎ᠠ ᠲᠠᠢ ᠪᠦᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠷ ᠲᠣᠭᠲᠠᠵᠠᠢ᠃ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ᠨᠢᠭᠡ᠂ ᠠᠵᠢᠯᠲᠠᠨ ᠤ ᠬᠡᠪᠴᠢᠶ᠎ᠡᠬᠤᠲᠠ ᠶᠢᠨ ᠳᠣᠲᠣᠷᠠᠬᠢ ᠪᠤᠶ ᠪᠦᠬᠦᠢ ᠰᠠᠭᠤᠭᠠᠯᠢ ᠠᠷᠠᠳ ︵ᠲᠤᠰ ᠭᠠᠵᠠᠷ ᠤᠨ ᠪᠠᠶᠢᠩᠭᠤ ᠰᠠᠭᠤᠭ᠎ᠠ ᠬᠥᠮᠥᠨ ᠠᠮᠠ᠂ ᠲᠦᠷ ᠰᠠᠭᠤᠭ᠎ᠠ ᠬᠥᠮᠥᠨ ᠠᠮᠠ᠂ ᠨᠡᠭᠦᠳᠡᠯ ᠬᠥᠮᠥᠨ ᠠᠮᠠ ᠪᠠᠭᠲᠠᠨ᠎ᠠ︶᠃ᠬᠤᠶᠠᠷ᠂ ᠪᠠᠶᠢᠴᠠᠭᠠᠨ ᠬᠡᠮᠵᠢᠬᠦ ᠴᠠᠭ9 ᠰᠠᠷ᠎ᠠ ᠶᠢᠨ 14 ᠤ ᠡᠳᠦᠷ ︱ 16 ᠤ ᠡᠳᠦᠷ᠂ ᠦᠳᠡ ᠶᠢᠨ ᠡᠮᠦᠨ᠎ᠡ 08᠄ 00 ︱ 11᠄ 30︔ᠦᠳᠡ ᠶᠢᠨ ᠬᠤᠶᠢᠨᠠᠬᠢ 14᠄ 00 ︱ 17᠄ 30᠃ᠭᠤᠷᠪᠠ᠂ ᠪᠠᠶᠢᠴᠠᠭᠠᠨ ᠬᠡᠮᠵᠢᠬᠦ ᠭᠠᠵᠠᠷᠪᠣᠳᠠᠲᠠᠢ ᠪᠠᠶᠢᠴᠠᠭᠠᠨ ᠰᠢᠯᠭᠠᠬᠤ ᠭᠠᠵᠠᠷ ᠢ ᠰᠤᠮᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠢᠴᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ᠳᠥᠷᠪᠡ᠂ ᠪᠣᠳᠠᠲᠠᠢ ᠱᠠᠭᠠᠷᠳᠠᠯᠭ᠎ᠠ︵ᠨᠢᠭᠡ︶ ᠥᠷᠭᠡᠨ ᠣᠯᠠᠨ ᠬᠤᠲᠠ ᠶᠢᠨ ᠠᠷᠠᠳ ᠴᠥᠮ᠎ᠡ ᠶᠢᠨ ᠬᠦᠴᠢᠯ ᠤᠨ ᠥᠯᠢᠭᠡᠷ ᠠᠪᠬᠤ ᠴᠡᠭ ᠲᠤ ᠤᠷᠢᠳ ᠢᠶᠠᠷ ᠭᠠᠷ ᠤᠲᠠᠰᠤ ᠪᠠᠷ ᠳᠠᠮᠵᠢᠭᠤᠯᠤᠨ ︽ᠨᠢᠭᠡ ᠨᠡᠪᠲᠡᠷᠡᠬᠦ ᠺᠣᠳ᠋︾ ᠢ ᠰᠢᠷᠪᠢᠵᠦ᠂ ᠳᠠᠷᠠᠭ᠎ᠠ ᠨᠢ ᠴᠥᠮ᠎ᠡ ᠶᠢᠨ ᠬᠦᠴᠢᠯ ᠤᠨ ᠥᠯᠢᠭᠡᠷ ᠠᠪᠬᠤ ᠠᠵᠢᠯ ᠢ ᠬᠢᠨ᠎ᠡ᠃︵ᠬᠤᠶᠠᠷ︶ ᠥᠷᠭᠡᠨ ᠣᠯᠠᠨ ᠬᠤᠲᠠ ᠶᠢᠨ ᠠᠷᠠᠳ ᠡᠯ᠎ᠡ ᠥᠯᠢᠭᠡᠷ ᠠᠪᠬᠤ ᠭᠠᠵᠠᠷ ᠤᠨ ᠠᠵᠢᠯᠲᠠᠳ ᠲᠠᠢ ᠢᠳᠡᠪᠬᠢᠲᠡᠢ ᠬᠠᠮᠵᠢᠯᠴᠠᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠰᠠᠶᠢᠲᠤᠷ ᠬᠢᠵᠦ᠂ ᠪᠥᠬᠦ ᠶᠠᠪᠤᠴᠠ ᠳᠤ ᠠᠮᠠᠪᠴᠢ ᠵᠡᠭᠦᠵᠦ᠂ ︽ᠨᠢᠭᠡ ᠮᠧᠲᠷ ᠤᠨ ᠱᠤᠭᠤᠮ︾ ᠤᠨ ᠵᠠᠢ ᠶᠢ ᠴᠢᠩᠭ᠎ᠠ ᠪᠠᠷᠢᠮᠲᠠᠯᠠᠨ᠂ ᠶᠠᠷᠢᠯᠴᠠᠬᠤ ᠦᠭᠡᠢ᠂ ᠴᠤᠭᠯᠠᠷᠠᠬᠤ ᠦᠭᠡᠢ ᠪᠠᠶᠢᠵᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠳᠤ ᠬᠠᠮᠵᠢᠯᠴᠠᠬᠤ ᠦᠭᠡᠢ᠂ ᠳᠡᠮᠵᠢᠬᠦ ᠦᠭᠡᠢ᠂ ᠡᠮᠬᠢ ᠵᠢᠷᠤᠮ ᠢ ᠰᠠᠮᠠᠭᠤᠷᠠᠭᠤᠯᠤᠭᠰᠠᠨ᠂ ᠮᠡᠳᠡᠭᠡ ᠵᠠᠩᠭᠢ ᠶᠢ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠬᠠᠭᠤᠷᠮᠠᠭᠯᠠᠨ ᠵᠣᠬᠢᠶᠠᠭᠰᠠᠨ ᠬᠥᠮᠥᠰ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃︵ᠭᠤᠷᠪᠠ︶ ᠣᠷᠳᠣ ᠬᠤᠭᠤᠴᠠᠭ᠎ᠠ ᠪᠠᠷ ᠬᠡᠪᠲᠡᠭᠰᠡᠨ ᠬᠦᠨᠳᠦ ᠡᠪᠡᠳᠴᠢᠨ ᠲᠠᠢ ᠡᠪᠡᠳᠴᠢᠲᠡᠨ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ᠂ ᠵᠡᠮᠳᠡᠭ ᠬᠥᠮᠥᠰ᠂ ᠨᠢᠯᠬ᠎ᠠ ᠨᠢᠷᠠᠢ ᠬᠡᠦᠬᠡᠳ ᠵᠡᠷᠭᠡ ᠣᠨᠴᠣᠭᠤᠢ ᠬᠥᠮᠥᠰ ᠲᠤ ᠡᠮᠴᠢᠯᠡᠭᠡᠨ ᠤ ᠪᠠᠶᠢᠭᠤᠯᠤᠮᠵᠢ   ᠠᠴᠠ ᠭᠡᠷ ᠲᠤᠨᠢ ᠬᠦᠷᠴᠦ ᠪᠥᠭᠡᠮ ᠬᠦᠴᠢᠯ ᠤᠨ ᠥᠯᠢᠭᠡᠷ ᠠᠪᠬᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃︵ᠳᠥᠷᠪᠡ︶ ᠥᠷᠭᠡᠨ ᠤᠯᠠᠨ ᠬᠤᠳᠠ ᠶᠢᠨ ᠠᠷᠠᠳ ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠠᠶᠤᠵᠤ ᠰᠠᠨᠳᠤᠷᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠬᠤ ᠬᠡᠷᠡᠭᠲᠡᠢ᠃      ᠥᠷᠭᠡᠨ ᠣᠯᠠᠨ ᠬᠤᠲᠠ ᠶᠢᠨ ᠠᠷᠠᠳ ᠲᠣᠰ ᠡᠭᠡᠯᠵᠢ ᠶᠢᠨ ᠤᠷᠢᠳᠴᠢᠯᠠᠨ ᠰᠡᠷᠭᠡᠶᠢᠯᠡᠬᠦ ᠴᠢᠨᠠᠷᠲᠠᠢ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠳᠤ ᠢᠳᠡᠪᠬᠢᠲᠡᠢ ᠬᠠᠮᠵᠢᠯᠴᠠᠬᠤ ᠶᠢ ᠬᠦᠰᠡᠵᠦ ᠪᠠᠶᠢᠨ᠎ᠠ᠂ ᠡᠭᠦᠨ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠣᠶᠢᠯᠠᠭᠠᠬᠤ ᠶᠢ ᠬᠢᠴᠢᠶᠡᠩᠭᠦᠶᠢᠯᠡᠨ ᠬᠦᠰᠡᠵᠦ ᠪᠠᠶᠢᠨ᠎ᠠ᠂ ᠲᠠᠨ ᠤ ᠳᠡᠮᠵᠢᠵᠦ ᠬᠠᠮᠵᠢᠯᠴᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃        ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                2022 ᠣᠨ ᠤ 9 ᠰᠠᠷ᠎ᠠ ᠶᠢᠨ 13
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号