ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠷᠴᠢᠨ ᠲᠤᠭᠤᠷᠢᠨ ᠢᠳᠡᠭᠡᠨ ᠡᠮ ᠤᠨ ᠵᠦᠢᠯᠡᠰ ᠢ ᠪᠠᠶᠢᠴᠠᠭᠠᠬᠤ ᠰᠠᠯᠠᠭᠠᠨ ᠤ ᠨᠠᠮ ᠤᠨ ᠡᠭᠦᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/9/15
    ᠡᠨᠡ ᠵᠢᠯ ᠤᠨ 9 ᠳ᠋ᠦᠭᠡᠷ ᠰᠠᠷ᠎ᠠ ᠪᠣᠯ ᠪᠥᠬᠦ ᠣᠷᠣᠨ ᠤ 39 ᠳ᠋ᠦᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠣᠨ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠨ ᠮᠡᠲᠦ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠨᠠᠮ ᠤᠨ ᠡᠭᠦᠷ ᠬᠤᠲᠠ ᠶᠢᠨ ᠨᠣᠮ ᠤᠨ ᠰᠠᠩ ᠳᠤ ᠬᠦᠷᠴᠦ᠂ ︽ᠶᠢᠰᠦᠨ ᠰᠠᠷ᠎ᠠ ᠶᠢᠨ ᠠᠨᠠᠷ ᠤᠨ ᠤᠯᠠᠭᠠᠨ ᠤᠩᠰᠢᠯᠭ᠎ᠠ ᠶᠢᠨ ᠬᠡᠪ ᠰᠤᠷᠲᠠᠯ ᠢ ᠪᠣᠶ ᠪᠣᠯᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃

   ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ

ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠨᠣᠮ ᠤᠨ ᠰᠠᠩ ᠤᠨ ᠲᠠᠯᠠᠪᠤᠷ ᠵᠢᠴᠢ ᠲᠥᠬᠦᠭᠡᠷᠦᠮᠵᠢ ᠶᠢ ᠲᠣᠭᠤᠷᠢᠨ

ᠦᠵᠡᠵᠦ᠂ ᠳᠠᠷᠠᠭ᠎ᠠ ᠨᠢ ᠣᠯᠠᠨ ᠢᠶᠠᠷ ᠢᠶᠠᠨ ᠤᠩᠰᠢᠯᠭ᠎ᠠ ᠶᠢᠨ ᠲᠢᠩᠬᠢᠮ ᠳᠤ ᠬᠦᠷᠴᠦ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠭᠰᠠᠨ ᠦᠨᠳᠦᠰᠦᠲᠡᠨ ᠤ ᠠᠵᠢᠯ ᠤᠨ ᠭᠤᠣᠯ

ᠱᠤᠭᠤᠮ ᠤᠨ ᠲᠣᠭᠤᠷᠢᠨ ᠳᠤ᠂ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠳᠤᠮᠳᠠᠳᠤ

ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠲᠡᠦᠬᠡ︾ ︽ᠰᠦᠷᠯᠢᠭ ᠰᠠᠶᠢᠬᠠᠨ ᠭᠤᠸᠠᠩᠰᠢ︾ ︽

ᠵᠤᠸᠠᠩ ᠦᠨᠳᠦᠰᠦᠲᠡᠨ ᠤ ᠭᠤᠷᠪᠠᠨ ᠰᠠᠷ᠎ᠠ ᠶᠢᠨ ᠭᠤᠷᠪᠠᠨ︾ ᠵᠡᠷᠭᠡ ᠨᠣᠮ ᠪᠦᠯᠦᠭ ᠪᠦᠯᠦᠭ ᠢ ᠤᠩᠰᠢᠪᠠ᠃ᠬᠠᠮᠤᠭ

ᠰᠡᠭᠦᠯ ᠳᠤ᠂ ᠪᠦᠬᠦ ᠨᠠᠮ ᠤᠨ ᠭᠡᠰᠢᠭᠦᠳ ᠨᠣᠮ ᠤᠨ ᠰᠠᠩ ᠤᠨ ᠡᠷᠬᠢᠯᠡᠭᠰᠡᠨ ᠨᠠᠢᠮᠠᠨ ᠰᠠᠷ᠎ᠠ ᠶᠢᠨ ᠠᠷᠪᠠᠨ ᠲᠠᠪᠤᠨ ᠤ

ᠪᠠᠶᠠᠷ ᠤᠨ ᠠᠵᠢᠯᠯᠠᠭ᠎ᠠ ᠳᠤ ᠣᠷᠣᠯᠴᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠤᠨ ᠨᠥᠯᠥᠭᠡᠯᠡᠯ ᠳᠣᠣᠷ᠎ᠠ

ᠤᠯᠤᠰ ᠭᠡᠷ ᠤᠨ ᠢᠶᠠᠨ ᠬᠠᠶᠢᠷ᠎ᠠ ᠰᠡᠳᠬᠢᠯᠭᠡ ᠶᠢ ᠬᠠᠮᠲᠤ ᠪᠠᠷ ᠶᠠᠷᠢᠯᠴᠠᠵᠤ᠂ ᠦᠨᠳᠦᠰᠦᠲᠡᠨ ᠤ ᠪᠦᠯᠬᠦᠮᠳᠡᠯ ᠤᠨ

ᠬᠥᠮᠦᠵᠢᠯ ᠢ ᠭᠦᠨᠵᠡᠭᠡᠶᠢᠷᠡᠭᠦᠯᠦᠨ᠂ ᠨᠣᠮ ᠤᠨ ᠰᠤᠷᠪᠤᠯᠵᠢ ᠳᠤ ᠦᠨᠳᠦᠰᠦᠲᠡᠨ ᠨᠦᠭᠦᠳ ᠤᠨ ︽ᠬᠠᠮᠲᠤ ᠪᠠᠷ

ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ

ᠪᠣᠯᠭᠠᠭᠰᠠᠨ ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号