ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠰᠡᠳᠬᠢᠯ ᠨᠢᠭᠡᠳᠦᠨ ᠺᠢᠨᠣ᠋ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/15
    ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ︾ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ 9 ᠰᠠᠷ᠎ᠠ ᠶᠢᠨ 14  ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠭᠠᠷ ᠬᠤᠯᠪᠣᠨ ᠬᠠᠮᠲᠤᠪᠠᠷ ᠤᠷᠤᠭᠰᠢᠯᠠᠬᠤ︾ᠰᠡᠳᠬᠢᠯ ᠨᠢᠭᠡᠳᠦᠨ ᠲᠣᠭᠤᠷᠢᠨ ᠦᠵᠡᠬᠦ ᠠᠵᠢᠯᠯᠠᠭ᠎ᠠ ᠶᠢ ᠥᠷᠨᠢᠭᠦᠯᠵᠦ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠺᠠᠳ᠋ᠷ ᠵᠢᠴᠢ ᠨᠠᠮ ᠤᠨ ᠭᠠᠳᠠᠨᠠᠬᠢ ᠺᠠᠳ᠋ᠷ ᠵᠡᠷᠭᠡ 40 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃

    ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠺᠢᠨᠣ᠋ ︽ᠰᠦᠨ

ᠵᠡᠷᠭᠡᠯᠭᠡᠨ ᠲᠠᠢ ᠲᠠᠯ᠎ᠠ ᠨᠤᠲᠤᠭ︾ᠭᠡᠬᠦ ᠺᠢᠨᠣ᠋ ᠶᠢ ᠰᠣᠨᠢᠷᠬᠠᠵᠤ᠂ ᠺᠢᠨᠣ᠋ ᠨᠢ ᠦᠨᠡᠨ ᠪᠣᠳᠠᠲᠠᠢ ᠲᠡᠦᠬᠡᠨ ᠬᠡᠷᠡᠭ

ᠶᠠᠪᠤᠳᠠᠯ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠢᠶᠠᠷ ᠠᠷᠤ ᠦᠵᠡᠭᠳᠡᠯ

ᠪᠣᠯᠭᠠᠵᠤ᠂ ᠵᠢᠷᠠ ᠭᠠᠷᠤᠢ ᠵᠢᠯ ᠤᠨ ᠬᠤᠭᠤᠴᠠᠭ᠎ᠠ᠂ ᠬᠡᠳᠦᠨ ᠮᠢᠩᠭᠠᠨ ᠺᠢᠯᠤᠮᠥᠲᠷ ᠤᠨ ᠵᠠᠢ ᠶᠢ ᠥᠩᠭᠡᠷᠡᠭᠡᠵᠦ᠂ ᠥᠪᠥᠷ

ᠮᠣᠩᠭᠤᠯ ᠤᠨ ᠭᠡᠷ ᠪᠦᠯᠢ ᠶᠢᠨ ᠬᠢᠨ ᠬᠠᠶᠢᠷ᠎ᠠ ᠪᠣᠯᠣᠨ ᠰᠠᠶᠢᠨ ᠰᠠᠨᠠᠭᠠᠨ ᠤ ᠡᠭᠦᠳᠡᠨ ᠠᠴᠠ ᠰᠢᠨ᠎ᠡ ᠠᠮᠢᠯᠠᠯ ᠢᠶᠠᠨ

ᠡᠷᠭᠦᠭᠰᠡᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠠᠢ᠃

   ᠤᠯᠠᠨ ᠢᠶᠠᠷ ᠢᠶᠠᠨ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠺᠢᠨᠣ᠋ ᠨᠤᠭᠤᠳ ᠢᠶᠠᠷ ᠲᠠᠮᠵᠢᠨ᠂ 60 ᠭᠠᠷᠤᠢ

ᠵᠢᠯ ᠤᠨ ᠡᠮᠦᠨᠡᠬᠢ ᠲᠡᠷᠡᠬᠦ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠪᠦᠬᠦᠳᠡ ᠨᠠᠶᠢᠷᠠᠮᠳᠠᠬᠤ ᠤᠯᠤᠰ ᠤᠨ

ᠥᠩᠭᠡᠷᠡᠭᠰᠡᠨ ᠤ ᠶᠠᠪᠤᠳᠠᠯ ᠢ ᠬᠠᠮᠲᠤᠪᠠᠷ ᠡᠷᠭᠢᠴᠡᠭᠦᠯᠵᠦ᠂ ᠲᠠᠯ᠎ᠠ ᠨᠤᠲᠤᠭ ᠤᠨ ᠠᠷᠠᠳ ᠲᠦᠮᠡᠨ ᠤ ᠠᠭᠤᠯᠠ ᠤᠰᠤ

ᠮᠡᠲᠦ ᠥᠷᠭᠡᠨ ᠠᠭᠤᠳᠠᠮ ᠬᠠᠶᠢᠷ᠎ᠠ ᠶᠢ ᠭᠡᠷᠡᠴᠢᠯᠡᠵᠦ᠂ ᠴᠢᠰᠤᠨ ᠤᠳᠤᠮ ᠠᠴᠠ ᠳᠠᠪᠠᠭᠰᠠᠨ ᠰᠠᠬᠢᠨ ᠪᠠᠷᠠᠯᠠᠵᠤ

ᠬᠠᠷᠢᠯᠴᠠᠨ ᠬᠠᠪᠰᠤᠷᠤᠯᠴᠠᠬᠤ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠮᠡᠳᠡᠷᠡᠵᠡᠢ᠃ ᠤᠯᠠᠨ ᠢᠶᠠᠷ ᠢᠶᠠᠨ ᠶᠡᠬᠡᠳᠡ

ᠰᠡᠳᠬᠢᠯ ᠬᠥᠳᠡᠯᠵᠦ᠂ ᠺᠢᠨᠣ᠋ ᠦᠵᠡᠬᠦ ᠪᠠᠷ ᠲᠠᠮᠵᠢᠨ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠤᠨ ᠲᠤᠬᠠᠢ

ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ

ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠤᠬᠠᠮᠰᠠᠷ ᠪᠣᠯᠣᠨ ᠡᠭᠦᠷᠭᠡᠲᠦ ᠤᠬᠠᠮᠰᠠᠷ ᠢᠶᠠᠨ

ᠴᠢᠩᠭᠠᠳᠬᠠᠵᠠᠢ ᠭᠡᠵᠦ ᠢᠯᠡᠳᠬᠡᠵᠡᠭᠡᠪᠡ᠃ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠤᠬᠠᠮᠰᠠᠷ ᠠᠴᠠ ᠪᠠᠨ

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠦᠨᠡᠨᠴᠢ ᠦᠢᠯᠡᠳᠦᠯᠭᠡᠵᠢᠭᠦᠯᠦᠭᠴᠢ᠂ ᠠᠬᠢᠭᠤᠯᠤᠭᠴᠢ

ᠪᠣᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠳᠠᠭᠠᠭᠤᠯᠵᠤ ᠪᠦᠯᠬᠦᠮᠳᠡᠭᠦᠯᠦᠨ ᠠᠨᠠᠷ ᠤᠨ

ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ

ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠢᠳᠡᠪᠬᠢᠲᠡᠢ ᠪᠠᠷ ᠪᠠᠬᠢᠵᠢᠭᠦᠯᠦᠨ

ᠬᠥᠭᠵᠢᠭᠦᠯᠵᠦ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ

ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯᠲᠠᠢ ᠪᠠᠷ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ

ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠰᠢᠯᠢᠳᠡᠭ

ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ ᠤᠭᠲᠤᠬᠤ

ᠬᠡᠷᠡᠭᠲᠡᠢ ᠭᠡᠵᠦ ᠰᠡᠳᠭᠢᠯ ᠨᠢᠭᠡᠳᠡᠢ ᠦᠵᠡᠵᠡᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号