ᠬᠤᠤᠯᠢᠩᠭᠤᠤᠯ ᠬᠤᠲᠠ ᠶᠢᠨ ᠢᠯᠴᠢ ᠬᠠᠩᠭᠠᠬᠤ ᠺᠣᠮᠫᠠᠨᠢ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠴᠢᠨᠠᠷ ᠰᠠᠶᠢᠲᠠᠢ ᠪᠠᠲᠤᠯᠠᠵᠤ ᠪᠣᠶ
ᠨᠡᠶᠢᠲᠡᠯᠡᠭᠰᠡᠨ ᠴᠠᠭ᠄
2022/9/22
     ᠮᠠᠨ ᠤ ᠬᠤᠲᠠ ᠶᠢᠨ 2022 ︱ 2023 ᠣᠨ ᠤ ᠳᠤᠯᠠᠭᠠᠯᠭ᠎ᠠ ᠶᠢᠨ ᠬᠤᠭᠤᠴᠠᠭ᠎ᠠ 10 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠨ᠎ᠡ᠂ ᠪᠥᠬᠦ ᠬᠤᠲᠠ ᠶᠢᠨ ᠠᠷᠠᠳ ᠢᠷᠭᠡᠳ ᠤᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠬᠥᠭᠵᠢᠭᠦᠯᠦᠯᠲᠡ ᠶᠢᠨ ᠪᠦᠯᠦᠭᠯᠡᠯ ᠤᠨ ᠬᠠᠷᠢᠶ᠎ᠠ ᠬᠤᠲᠠ ᠶᠢᠨ ᠳᠤᠯᠠᠭᠠᠯᠭ᠎ᠠ ᠶᠢᠨ ᠺᠣᠮᠫᠠᠨᠢ ᠨᠢ ᠳᠤᠯᠠᠭᠠᠯᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢᠶᠠᠷ ᠭᠤᠣᠯᠳᠠᠯᠭ᠎ᠠ ᠪᠣᠯᠭᠠᠨ᠂ ᠪᠡᠷᠬᠡ ᠶᠢ ᠰᠢᠪᠲᠤᠯᠤᠨ ᠬᠦᠴᠢᠷ ᠢ ᠳᠠᠪᠠᠵᠤ᠂ ᠡᠨᠡ ᠡᠪᠦᠯ ᠢᠷᠡᠬᠦ ᠬᠠᠪᠤᠷ ᠤᠨ ᠴᠢᠨᠠᠷ ᠰᠠᠶᠢᠲᠠᠢ ᠳᠤᠯᠠᠭᠠᠯᠭ᠎ᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠢᠨᠵᠧᠨᠧᠷᠢᠩ ᠤᠨ ᠥᠭᠡᠷᠡᠴᠢᠯᠡᠯᠲᠡ ᠶᠢ ᠠᠳᠬᠤᠨ ᠢᠯᠴᠢ ᠬᠠᠩᠭᠠᠬᠤ ᠵᠥᠭᠡᠯᠡᠨ ᠬᠠᠲᠠᠭᠤ ᠬᠡᠷᠡᠭᠰᠡᠯ ᠤᠨ ᠰᠠᠭᠤᠷᠢ ᠶᠢ ᠪᠡᠬᠡᠵᠢᠭᠦᠯᠦᠨ᠎ᠡ     ᠳᠡᠭᠡᠷ᠎ᠡ ᠨᠢᠭᠡ ᠢᠯᠴᠢ ᠬᠠᠩᠭᠠᠬᠤ ᠬᠤᠭᠤᠴᠠᠭᠠᠨ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠠᠷᠠᠳ ᠤᠯᠠᠨ ᠤ ᠬᠡᠷᠡᠭᠯᠡᠬᠦ ᠢᠯᠴᠢ ᠶᠢᠨ ᠲᠠᠭᠠᠯᠠᠮᠵᠢ ᠶᠢᠨ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ 2022 ᠣᠨ ᠳᠤ᠂ ᠮᠠᠨ ᠤ ᠬᠤᠳᠠ ᠤᠷᠢᠳ ᠬᠤᠵᠢᠳ ᠨᠢᠭᠡ ᠤᠳᠠᠭ᠎ᠠ ᠶᠢᠨ ᠲᠣᠣᠷ᠂ ᠬᠤᠶᠠᠳᠠᠭᠢ ᠤᠳᠠᠭ᠎ᠠ ᠶᠢᠨ ᠲᠣᠣᠷ ᠵᠢᠴᠢ ᠢᠯᠴᠢ ᠰᠣᠯᠢᠯᠴᠠᠬᠤ ᠦᠷᠳᠡᠭᠡ ᠶᠢᠨ ᠳᠣᠲᠣᠷᠠᠬᠢ ᠭᠤᠷᠪᠠᠨ ᠪᠠᠴᠢᠮ ᠪᠠᠶᠢᠳᠠᠯ ᠢ ᠠᠷᠭᠠᠴᠠᠬᠤ ᠥᠭᠡᠷᠡᠴᠢᠯᠡᠯᠲᠡ ᠶᠢᠨ ᠲᠦᠷᠦᠯ ᠵᠦᠢᠯ ᠤᠨ 40 ᠵᠦᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠪᠡ᠃ ᠡᠭᠦᠨ ᠤ ᠬᠠᠮᠲᠤ᠂ 2022 ᠣᠨ ᠤ ᠬᠤᠲᠠ ᠶᠢᠨ ᠶᠠᠪᠤᠳᠠᠯ ᠤᠨ ᠢᠨᠵᠧᠨᠧᠷᠢᠩ ᠵᠢᠴᠢ ᠬᠤᠭᠤᠯᠠᠢ ᠶᠢᠨ ᠲᠣᠣᠷ ᠤᠨ ᠰᠢᠰᠲ᠋ᠧᠮ ᠤᠨ ᠰᠣᠯᠪᠢᠴᠠᠨ ᠪᠠᠷᠢᠯᠭ᠎ᠠ ᠪᠠᠷᠢᠬᠤ ᠥᠭᠡᠷᠡᠴᠢᠯᠡᠯᠲᠡ ᠨᠡᠯᠢᠶᠡᠳ ᠣᠯᠠᠨ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠢᠯᠴᠢ ᠶᠢᠨ ᠰᠤᠷᠪᠤᠯᠵᠢ ᠶᠢᠨ ᠨᠢᠭᠡᠴᠡ ᠲᠠᠢ ᠨᠡᠪᠲᠡᠷᠡᠯᠴᠡᠬᠦ ᠪᠠᠷ ᠳᠡᠮᠵᠢᠨ᠂ ᠢᠯᠴᠢ ᠬᠠᠩᠭᠠᠬᠤ ᠺᠣᠮᠫᠠᠨᠢ 9 ᠰᠠᠷ᠎ᠠ ᠶᠢᠨ 5 ᠤ ᠡᠳᠦᠷ ᠠᠴᠠ ᠡᠬᠢᠯᠡᠨ ᠨᠢᠭᠡᠳᠦᠭᠡᠷ ᠤᠳᠠᠭᠠᠨ ᠤ ᠬᠤᠭᠤᠯᠠᠢ ᠶᠢᠨ ᠲᠣᠣᠷ ᠲᠤ ᠤᠰᠤ ᠣᠷᠣᠭᠤᠯᠬᠤ ᠲᠤᠷᠰᠢᠯᠲᠠ ᠶᠢᠨ ᠳᠠᠷᠤᠯᠲᠠ ᠥᠭᠴᠦ᠂ 9 ᠰᠠᠷ᠎ᠠ ᠶᠢᠨ 21 ᠤ ᠡᠳᠦᠷ ᠬᠤᠶᠠᠳᠠᠭᠢ ᠤᠳᠠᠭᠠᠨ ᠤ ᠬᠤᠭᠤᠯᠠᠢ ᠶᠢᠨ ᠲᠣᠣᠷ ᠲᠤ ᠤᠰᠤ ᠣᠷᠣᠭᠤᠯᠬᠤ ᠲᠤᠷᠰᠢᠯᠲᠠ ᠶᠢᠨ ᠳᠠᠷᠤᠯᠲᠠ ᠥᠭᠬᠦ ᠪᠠᠷ ᠲᠥᠯᠥᠪᠯᠡᠵᠦ᠂ 9 ᠰᠠᠷ᠎ᠠ ᠶᠢᠨ 27 ᠤ ᠡᠳᠦᠷ ᠢᠯᠴᠢ ᠶᠢᠨ ᠰᠤᠷᠪᠤᠯᠵᠢ ᠶᠢᠨ ᠨᠢᠭᠡᠴᠡ ᠠᠴᠠ ᠨᠢᠭᠡᠳᠦᠭᠡᠷ ᠲᠣᠣᠷ ᠲᠤ ᠦᠷᠭᠦᠯᠵᠢᠯᠡᠨ ᠢᠯᠴᠢ ᠲᠤᠷᠰᠢᠨ ᠲᠡᠭᠡᠭᠡᠪᠦᠷᠢᠯᠡᠬᠦ ᠶᠢᠨ ᠬᠠᠮᠲᠤ ᠴᠠᠭ ᠠᠭᠤᠷ ᠤᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ ᠵᠣᠬᠢᠰᠲᠠᠢ ᠲᠣᠬᠢᠷᠠᠭᠤᠯᠤᠨ ᠢᠯᠴᠢ ᠬᠠᠩᠭᠠᠵᠤ᠂ 10 ᠰᠠᠷ᠎ᠠ ᠶᠢᠨ 1 ᠤ ᠡᠳᠦᠷ ᠠᠴᠠ ᠲᠣᠭᠲᠠᠭᠰᠠᠨ ᠬᠤᠭᠤᠴᠠᠭᠠᠨ ᠳᠠᠭᠠᠨ ᠬᠡᠪ ᠤᠨ ᠶᠣᠰᠣᠭᠠᠷ ᠢᠯᠴᠢ ᠬᠠᠩᠭᠠᠬᠤ ᠶᠢ ᠦᠨᠡᠨ ᠬᠦ ᠪᠠᠲᠤᠯᠠᠨ᠎ᠠ᠃ᠵᠤᠨ ᠤ ᠤᠯᠠᠷᠢᠯ ᠤᠨ ᠪᠠᠶᠢᠴᠠᠭᠠᠨ ᠰᠡᠯᠪᠢᠬᠦ ᠠᠵᠢᠯ ᠢ ᠠᠳᠬᠤᠵᠤ ᠢᠯᠴᠢ ᠬᠠᠩᠭᠠᠬᠤ ᠠᠵᠢᠯᠯᠠᠭᠠᠨ ᠤ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠨᠥᠬᠦᠪᠦᠷᠢᠯᠡᠨ᠎ᠡ   ᠡᠯ᠎ᠡ ᠬᠠᠷᠢᠶ᠎ᠠ ᠣᠷᠣᠨ ᠤ ᠳᠡᠭᠡᠷ᠎ᠡ ᠨᠢᠭᠡ ᠢᠯᠴᠢ ᠬᠠᠩᠭᠠᠬᠤ ᠬᠤᠭᠤᠴᠠᠭᠠᠨ ᠤ ᠠᠵᠢᠯᠯᠠᠭᠠᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ 2022 ᠣᠨ ᠤ ᠵᠣᠨ ᠤ ᠤᠯᠠᠷᠢᠯ ᠤᠨ ᠪᠠᠶᠢᠴᠠᠭᠠᠨ ᠵᠠᠰᠠᠬᠤ ᠲᠥᠯᠥᠪᠯᠡᠭᠡ ᠶᠢ ᠨᠡᠶᠢᠲᠡ 398 ᠵᠦᠢᠯ ᠲᠣᠭᠲᠠᠭᠠᠵᠤ᠂ 7 ᠰᠠᠷ᠎ᠠ ᠶᠢᠨ 25 ᠤ ᠡᠳᠦᠷ ᠠᠴᠠ ᠡᠬᠢᠯᠡᠨ ᠬᠡᠷᠡᠭᠵᠢᠭᠦᠯᠵᠦ᠂ 9 ᠰᠠᠷ᠎ᠠ ᠶᠢᠨ 20 ᠤ ᠡᠳᠦᠷ ᠪᠦᠬᠦᠨ ᠢ ᠪᠠᠷᠢᠵᠤ ᠳᠠᠭᠤᠰᠬᠠᠪᠠ᠃ᠲᠣᠰ ᠤᠳᠠᠭᠠᠨ ᠤ ᠵᠣᠨ ᠤ ᠤᠯᠠᠷᠢᠯ ᠳᠤ ᠨᠡᠶᠢᠲᠡ 483 ᠨᠡᠭᠡᠯᠡᠭᠡᠢ ᠶᠢ ᠪᠠᠶᠢᠴᠠᠭᠠᠨ ᠰᠡᠯᠪᠢᠵᠦ᠂ 20 ᠬᠠᠭᠤᠴᠢᠨ ᠬᠠᠪᠲᠠᠰᠤ ᠮᠠᠶ᠋ᠢᠭ ᠤᠨ ᠢᠯᠴᠢ ᠰᠣᠯᠢᠯᠴᠠᠭᠤᠷ ᠢ ᠰᠣᠯᠢᠵᠤ᠂ ᠰᠢᠨ᠎ᠡ ᠮᠠᠶ᠋ᠢᠭ ᠤᠨ ᠡᠨᠧᠷᠭᠢ ᠠᠷᠪᠢᠯᠠᠬᠤ ᠭᠷᠠᠨᠹᠦ᠋ ᠡᠷᠭᠢᠯᠲᠡ ᠶᠢᠨ ᠬᠥᠭᠡᠷᠭᠡ ᠵᠢᠴᠢ 8 ᠤᠰᠤ ᠨᠥᠬᠦᠪᠦᠷᠢᠯᠡᠬᠦ ᠬᠥᠭᠡᠷᠭᠡ ᠂ 4 ᠳᠠᠪᠲᠠᠮᠵᠢ ᠬᠤᠪᠢᠷᠠᠭᠠᠭᠤᠷ ᠢ ᠰᠣᠯᠢᠵᠤ᠂ ᠢᠯᠴᠢ ᠬᠠᠩᠭᠠᠬᠤ ᠭᠤᠣᠯ ᠵᠠᠮ ᠵᠢᠴᠢ ᠵᠢᠵᠢᠭ ᠲᠣᠭᠤᠷᠢᠭ ᠤᠨ ᠰᠠᠪᠠᠯᠠᠭᠤᠷ ᠤᠨ ᠭᠤᠣᠯ ᠬᠠᠮᠢᠶᠠᠷᠤᠭᠴᠢ ᠶᠢ ᠨᠡᠶᠢᠲᠡ 8.8 km ᠰᠣᠯᠢᠨ᠎ᠠ᠃ᠡᠯ᠎ᠡ ᠦᠢᠯᠡᠳᠪᠦᠷᠢ ᠶᠢᠨ ᠲᠠᠰᠤᠭ ᠪᠣᠯᠣᠨ ᠰᠦᠢᠳᠬᠡᠯ ᠬᠤᠷᠢᠶᠠᠬᠤ ᠰᠠᠯᠠᠭ᠎ᠠ 2490 ᠣᠨᠢᠰᠤᠨ ᠨᠡᠭᠡᠯᠡᠭᠡᠢ ᠶᠢ ᠰᠣᠯᠢᠪᠠ᠃55 ᠨᠡᠭᠡᠯᠡᠭᠡᠢ ᠶᠢᠨ ᠬᠤᠳᠳᠤᠭ ᠢ ᠨᠢᠭᠡᠨᠲᠡ ᠰᠡᠯᠪᠢᠨ ᠵᠠᠰᠠᠵᠤ᠂ 17 ᠨᠡᠭᠡᠯᠡᠭᠡᠢ ᠶᠢᠨ ᠬᠤᠳᠳᠤᠭ ᠢ ᠶᠠᠭ ᠰᠡᠯᠪᠢᠨ ᠵᠠᠰᠠᠵᠤ ᠪᠣᠶ᠃3 ᠢᠯᠴᠢ ᠶᠢᠨ ᠰᠤᠷᠪᠤᠯᠵᠢ ᠶᠢᠨ ᠦᠢᠯᠡᠳᠪᠦᠷᠢ ᠲᠠᠢ ᠬᠠᠮᠲᠤᠷᠠᠨ 3 ᠢᠵᠢ ᠢᠯᠴᠢ ᠶᠢᠨ ᠬᠡᠮᠵᠢᠯᠲᠡ ᠶᠢᠨ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ᠂ ᠢᠯᠴᠢ ᠶᠢᠨ ᠬᠡᠮᠵᠢᠭᠳᠡᠯ ᠢ ᠨᠠᠷᠢᠯᠢᠭ ᠣᠨᠣᠴᠠᠲᠠᠢ ᠪᠠᠷ ᠬᠡᠮᠵᠢᠬᠦ ᠰᠠᠭᠤᠷᠢ ᠶᠢ ᠪᠠᠲᠤᠳᠬᠠᠨ᠎ᠠ᠃ᠡᠵᠡᠩᠨᠡᠯᠲᠡ ᠶᠢᠨ ᠣᠷᠴᠢᠨ ᠲᠣᠭᠤᠷᠢᠨ ᠢ ᠠᠳᠬᠤᠵᠤ ᠢᠯᠴᠢ ᠬᠠᠩᠭᠠᠬᠤ ᠦᠢᠯᠡᠴᠢᠯᠡᠭᠡᠨ ᠤ ᠬᠠᠲᠠᠭᠤ ᠪᠣᠳᠠᠲᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ     ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠵᠢᠴᠢ ᠮᠠᠨ ᠤ ᠬᠤᠲᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠢᠯᠴᠢ ᠬᠠᠩᠭᠠᠬᠤ ᠺᠣᠮᠫᠠᠨᠢ ᠶᠢᠨ ᠬᠢᠨ ᠢᠯᠴᠢ ᠬᠠᠩᠭᠠᠬᠤ ᠡᠯᠧᠮᠧᠨ᠋ᠲ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠣᠯᠵᠤ ᠬᠡᠷᠡᠭᠯᠡᠬᠦ ᠠᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠵᠤ᠂ ᠢᠯᠴᠢ ᠬᠠᠩᠭᠠᠬᠤ ᠶᠢ ᠮᠡᠳᠡᠭᠦᠯᠦᠨ ᠤᠭᠰᠠᠷᠠᠬᠤ ᠶᠠᠪᠤᠴᠠ ᠶᠢ ᠤᠯᠠᠮ ᠨᠢᠭᠡ ᠠᠯᠬᠤᠮ ᠪᠠᠭᠠᠰᠬᠠᠵᠤ᠂ ᠭᠦᠢᠴᠡᠳᠬᠡᠬᠦ ᠴᠠᠭ ᠢ 7 ᠠᠵᠢᠯᠯᠠᠬᠤ ᠡᠳᠦᠷ ᠪᠣᠯᠭᠠᠨ ᠪᠠᠭᠠᠰᠬᠠᠪᠠ᠃ᠣᠶᠤᠨᠲᠤ ᠢᠯᠴᠢ ᠬᠠᠩᠭᠠᠬᠤ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ ᠲᠡᠭᠦᠯᠳᠡᠷᠵᠢᠭᠦᠯᠵᠦ᠂ ᠢᠯᠴᠢ ᠬᠠᠩᠭᠠᠬᠤ ᠪᠠᠷᠢᠮᠲᠠ ᠶᠢ ᠰᠦᠯᠵᠢᠶᠡᠨ ᠳᠡᠭᠡᠷ᠎ᠡ ᠪᠠᠭᠤᠯᠭᠠᠨ ᠳᠠᠷᠤᠮᠠᠯᠯᠠᠬᠤ ᠬᠡᠰᠡᠭ᠂ ᠰᠦᠯᠵᠢᠶᠡᠨ ᠳᠡᠭᠡᠷᠡᠬᠢ ᠬᠡᠷᠡᠭᠯᠡᠭᠴᠢ ᠶᠢᠨ ᠮᠡᠳᠡᠭᠡ ᠵᠠᠩᠭᠢ ᠶᠢ ᠬᠤᠪᠢᠷᠠᠭᠤᠯᠬᠤ ᠬᠡᠰᠡᠭ ᠢ ᠰᠢᠨ᠎ᠡ ᠪᠠᠷ ᠰᠤᠳᠤᠯᠤᠨ ᠨᠡᠭᠡᠭᠡᠵᠦ᠂ 8 ᠰᠠᠷ᠎ᠠ ᠶᠢᠨ 4 ᠤ ᠡᠳᠦᠷ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠬᠦᠴᠦᠲᠡᠢ ᠨᠡᠪᠲᠡᠷᠡᠭᠦᠯᠦᠨ᠎ᠡ᠃ᠢᠯᠴᠢ ᠬᠠᠩᠭᠠᠬᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠰᠠᠯᠭᠠᠨ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ 12345 ᠬᠠᠯᠠᠮᠰᠢᠯ ᠤᠲᠠᠰᠤ ᠵᠢᠴᠢ ᠬᠡᠷᠡᠭᠯᠡᠭᠴᠢ ᠶᠢᠨ ᠤᠲᠠᠰᠤ ᠢᠷᠡᠭᠦᠯᠵᠦ ᠰᠣᠷᠪᠤᠯᠵᠢᠯᠠᠭ᠎ᠠ ᠶᠢ ᠭᠥᠯᠢᠶᠡᠨ ᠠᠪᠤᠭᠰᠠᠨ ᠵᠦᠢᠯ ᠢ ᠳᠠᠷᠤᠢ ᠳᠤᠨᠢ ᠭᠦᠢᠴᠡᠳᠬᠡᠬᠦ ᠶᠢ ᠦᠨᠡᠨᠬᠦ ᠪᠠᠲᠤᠯᠠᠵᠤ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ᠂ ᠢᠯᠴᠢ ᠬᠠᠩᠭᠠᠬᠤ ᠵᠠᠬᠢᠳᠠᠯ ᠰᠣᠷᠪᠤᠯᠵᠢᠯᠠᠭ᠎ᠠ ᠶᠢᠨ ︽ᠭᠤᠷᠪᠠᠨ ᠨᠣᠷᠮ᠎ᠠ︾ ᠶᠢ ᠬᠦᠴᠦᠯᠡᠨ ᠳᠡᠭᠡᠭᠰᠢᠯᠡᠭᠦᠯᠦᠨ᠎ᠡ᠃ᠳᠤᠯᠠᠭᠠᠯᠭ᠎ᠠ ᠶᠢᠨ ᠣᠶᠤᠨᠴᠢ ᠪᠠᠶᠢᠭᠤᠯᠤᠯᠲᠠ ᠶᠢ ᠠᠳᠬᠤᠵᠤ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ    ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠡᠨᠡ ᠡᠪᠦᠯ ᠤᠨ ᠳᠤᠯᠠᠭᠠᠯᠠᠭ᠎ᠠ ᠶᠢᠨ ᠤᠯᠠᠷᠢᠯ ᠳᠤ᠂ ᠳᠤᠯᠠᠭᠠᠯᠭ᠎ᠠ ᠶᠢᠨ ᠺᠣᠮᠫᠠᠨᠢ ᠶᠢᠨ ᠬᠢᠨ ᠨᠢᠭᠡ ᠤᠳᠠᠭᠠᠨ ᠤ ᠰᠦᠯᠵᠢᠶᠡᠨ ᠤ ᠡᠮᠦᠨ᠎ᠡ ᠬᠡᠰᠡᠭ ᠪᠠ ᠦᠵᠦᠭᠦᠷ ᠤᠨ ᠬᠡᠰᠡᠭ ᠤᠨ ᠲᠣᠬᠢᠷᠠᠭᠤᠯᠤᠯᠲᠠ ᠨᠢ ᠵᠣᠬᠢᠴᠠᠩᠭᠤᠢ ᠪᠤᠰᠤ ᠪᠠᠶᠢᠳᠠᠯ ᠳᠤ ᠴᠢᠭᠯᠡᠭᠦᠯᠦᠨ᠂ ᠵᠢᠴᠢ ᠬᠤᠶᠠᠳᠠᠭᠢ ᠤᠳᠠᠭᠠᠨ ᠤ ᠰᠦᠯᠵᠢᠶᠡᠨ ᠤ ᠢᠯᠴᠢ ᠰᠣᠯᠢᠯᠴᠠᠬᠤ ᠥᠷᠲᠡᠭᠡᠨ ᠤ ᠬᠤᠯᠠ ᠣᠶᠢᠷ᠎ᠠ ᠶᠢᠨ ᠵᠢᠵᠢᠭ ᠲᠣᠭᠤᠷᠢᠭ ᠤᠨ ᠢᠯᠴᠢ ᠶᠢᠨ ᠬᠦᠴᠦᠨ ᠲᠡᠩᠴᠡᠭᠦᠷᠢ ᠦᠭᠡᠢ ᠪᠠᠶᠢᠬᠤ ᠵᠡᠷᠭᠡ ᠠᠰᠠᠭᠤᠳᠠᠯ᠂ ᠥᠪᠡᠷᠲᠡᠭᠡᠨ ᠡᠵᠡᠮᠳᠡᠬᠦ ᠰᠢᠰᠲ᠋ᠧᠮ ᠤᠨ ᠬᠠᠩᠭᠠᠬᠤ ᠲᠠᠯ᠎ᠠ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ ᠡᠵᠡᠮᠳᠡᠬᠦ ᠬᠠᠮᠤᠭ ᠤᠨ ᠰᠢᠨ᠎ᠡ ᠮᠡᠷᠭᠡᠵᠢᠯ ᠢᠶᠠᠷ ᠭᠠᠷᠳᠠᠴᠠ ᠪᠣᠯᠭᠠᠵᠤ᠂ ᠨᠢᠭᠡ ᠤᠳᠠᠭ᠎ᠠ ᠶᠢᠨ ᠲᠣᠣᠷ᠂ ᠬᠤᠶᠠᠳᠠᠭᠢ ᠤᠳᠠᠭ᠎ᠠ ᠶᠢᠨ ᠲᠣᠣᠷ ᠤᠨ ᠤᠰᠤᠨ ᠤ ᠬᠦᠴᠦᠨ ᠤ ᠲᠡᠩᠴᠡᠭᠦᠷᠢ ᠶᠢᠨ ᠲᠣᠬᠢᠷᠠᠭᠤᠯᠤᠯᠲᠠ ᠶᠢ ᠬᠥᠳᠡᠯᠦᠩᠭᠦᠢ ᠪᠠᠷ ᠰᠠᠶᠢᠲᠤᠷ ᠬᠢᠵᠦ᠂ ᠥᠩᠭᠡᠷᠡᠭᠰᠡᠨ ᠤ ᠲᠠᠩ ᠭᠠᠭᠴᠠ ᠴᠢᠨᠠᠷ ᠤᠨ ᠲᠣᠬᠢᠷᠠᠭᠤᠯᠤᠯᠲᠠ ᠳᠤ ᠲᠦᠰᠢᠭᠯᠡᠬᠦ ︵ᠴᠠᠬᠢᠯᠭᠠᠨ ᠤ ᠦᠢᠯᠡᠳᠪᠦᠷᠢ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ︶ ᠬᠡᠷᠡᠭᠯᠡᠭᠴᠢ ᠶᠢᠨ ᠢᠯᠴᠢ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠠᠷᠭ᠎ᠠ ᠮᠠᠶ᠋ᠢᠭ ᠢ ᠪᠠᠭᠠᠰᠬᠠᠨ᠂ ᠢᠯᠴᠢ ᠬᠠᠩᠭᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠢᠯᠴᠢ ᠬᠠᠩᠭᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠡᠭᠦᠨ ᠤ ᠬᠠᠮᠲᠤ᠂ ᠨᠢᠭᠡᠨ ᠲᠤᠰᠬᠠᠢ ᠰᠦᠯᠵᠢᠶ᠎ᠡ ᠶᠢ ᠣᠷᠣᠭᠤᠯᠤᠨ ᠠᠪᠴᠢᠷᠠᠵᠤ᠂ ᠠᠭᠠᠷ ᠤᠨ ᠳᠤᠯᠠᠭᠠᠨ ᠤ ᠬᠤᠪᠢᠷᠠᠯᠲᠠ ᠲᠠᠢ ᠤᠶᠠᠯᠳᠤᠭᠤᠯᠤᠨ᠂ ᠡᠯ᠎ᠡ ᠢᠯᠴᠢ ᠰᠣᠯᠢᠯᠴᠠᠬᠤ ᠥᠷᠲᠡᠭᠡ ᠶᠢᠨ ᠡᠯ᠎ᠡ ᠵᠦᠢᠯ ᠤᠨ ᠢᠯᠴᠢ ᠶᠢᠨ ᠬᠦᠴᠦᠨ ᠤ ᠪᠣᠯᠵᠣᠯᠲᠤ ᠲᠤᠭ᠎ᠠ ᠳᠤ ᠴᠠᠭ ᠲᠤᠬᠠᠢ ᠳᠤᠨᠢ᠂ ᠥᠨᠳᠥᠷ ᠪᠦᠲᠦᠮᠵᠢᠲᠡᠶ ᠪᠠᠷ ᠲᠣᠬᠢᠷᠠᠭᠤᠯᠤᠯᠲᠠ ᠬᠢᠵᠦ᠂ ᠬᠠᠷᠢᠶᠠᠲᠤ ᠣᠷᠣᠨ ᠤ ᠠᠷᠠᠳ ᠢᠷᠭᠡᠳ ᠤᠨ ᠢᠯᠴᠢ ᠶᠢ ᠲᠠᠭᠠᠯᠠᠮᠵᠢᠲᠠᠢ ᠬᠡᠷᠡᠭᠯᠡᠬᠦ ᠶᠢ ᠪᠠᠲᠤᠯᠠᠨ᠎ᠠ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号