ᠮᠠᠨ ᠤ ᠬᠤᠲᠠ  ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ︽ᠵᠢᠵᠢᠭ ᠲᠤᠯᠬᠤ ᠴᠡᠭ︾ ᠨᠢ ᠦᠨᠳᠦᠰᠦᠲᠡᠨ ᠤ ᠪᠦᠯᠬᠦᠮᠳᠡᠯ ᠤᠨ ︽ᠵᠦᠪ ᠡᠨᠧᠷᠭᠢ︾ ᠶᠢ ᠬᠥᠳᠡᠯᠭᠡᠵᠦ ᠪᠠᠶᠢᠨ᠎ᠠ
ᠨᠡᠶᠢᠲᠡᠯᠡᠭᠰᠡᠨ ᠴᠠᠭ᠄
2022/9/7
    ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠨᠡ ᠵᠢᠯ ᠠᠴᠠ ᠨᠠᠰᠢ᠂ ᠮᠠᠨ ᠤ ᠬᠤᠲᠠ ᠶᠢᠨ ᠨᠢᠭᠡᠳᠦᠮᠡᠯ ᠹᠷᠣᠨᠲ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠪᠦᠲᠦᠮᠵᠢᠲᠡᠢ ᠪᠠᠷ ᠬᠥᠭᠵᠢᠭᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠦᠬᠦ ᠲᠠᠯ᠎ᠠ ᠪᠠᠷ ᠪᠣᠢ ᠪᠣᠯᠭᠠᠪᠠ᠃

      ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠤᠨ ᠠᠵᠢᠯ ᠤᠨ︽ᠪᠠᠲᠤ ᠪᠠᠬᠢ ᠪᠠᠬᠢᠯᠡᠯᠲᠡ︾ ᠶᠢ

ᠬᠥᠲᠥᠯᠥᠨ ᠳᠠᠭᠠᠭᠤᠯᠵᠤ᠂ ᠪᠠᠲᠤ ᠪᠠᠬᠢ ᠪᠠᠶᠢᠭᠤᠯᠤᠨ᠎ᠠ᠃ᠨᠡᠶᠢᠭᠡᠮ ᠲᠣᠭᠤᠷᠢᠭ ᠲᠤ ᠪᠠᠶᠢᠭᠤᠯᠤᠮᠵᠢ ᠶᠢᠨ ᠪᠤᠰᠤ

ᠴᠢᠨᠠᠷᠲᠠᠢ ᠨᠠᠮ ᠤᠨ ᠡᠭᠦᠷ᠂ ᠪᠠᠶᠢᠭᠤᠯᠤᠮᠵᠢ ᠶᠢᠨ ᠪᠤᠰᠤ ᠴᠢᠨᠠᠷᠲᠠᠢ ᠬᠠᠮᠲᠤᠷᠠᠭᠰᠠᠨ ᠨᠠᠮ ᠤᠨ ᠡᠭᠦᠷ ᠢ ᠪᠠᠶᠢᠭᠤᠯᠵᠤ᠂

ᠪᠠᠭ᠎ᠠ ᠲᠣᠭᠤᠷᠢᠭ ᠤᠨ ᠲᠠᠩᠰᠠᠨ ᠳᠤ ᠪᠠᠶᠢᠭ᠎ᠠ ᠨᠠᠮ ᠤᠨ ᠭᠡᠰᠢᠭᠦᠨ ᠵᠢᠴᠢ ᠠᠵᠢᠯ ᠳᠤ ᠪᠠᠶᠢᠭ᠎ᠠ ᠨᠠᠮ ᠤᠨ ᠭᠡᠰᠢᠭᠦᠨ ᠢ

ᠨᠠᠷᠢᠨ ᠬᠢᠨᠠᠮᠠᠭᠠᠢ ᠣᠶᠢᠯᠠᠭᠠᠨ ᠵᠢᠭᠰᠠᠭᠠᠵᠤ᠂ ᠪᠠᠭ᠎ᠠ ᠲᠣᠭᠤᠷᠢᠭ ᠤᠨ ᠨᠠᠮ ᠤᠨ ᠭᠡᠰᠢᠭᠦᠨ ᠤ ᠨᠡᠷᠡᠰ ᠤᠨ ᠪᠦᠷᠢᠳᠬᠡᠯ ᠢ

ᠪᠠᠶᠢᠭᠤᠯᠵᠤ᠂ ᠨᠠᠮ ᠤᠨ ᠭᠡᠰᠢᠭᠦᠨ ᠤ ᠡᠩᠨᠡᠭᠡ ᠶᠢ ᠲᠠᠰᠤᠷᠠᠯᠲᠠ ᠦᠭᠡᠢ ᠥᠷᠭᠡᠳᠬᠡᠨ ᠲᠡᠭᠦᠯᠳᠡᠷᠵᠢᠭᠦᠯᠦᠨ᠎ᠡ᠃ᠨᠠᠮ ᠤᠨ

ᠡᠭᠦᠷ ᠲᠤ ᠲᠦᠰᠢᠭᠯᠡᠨ ︽ᠢᠨᠲ᠋ᠧᠷ ᠰᠦᠯᠵᠢᠶ᠎ᠡ +︾ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ

ᠬᠥᠮᠦᠵᠢᠯ ᠢ ᠥᠷᠨᠢᠭᠦᠯᠵᠦ᠂ ︽ᠦᠵᠦᠭᠦᠷ᠂ ᠰᠦᠯᠵᠢᠶ᠎ᠡ᠂ ᠪᠢᠴᠢᠯ᠂ ᠲᠧᠯᠸᠢᠰ᠂ ᠰᠣᠨᠢᠨ᠂ ᠳᠡᠯᠭᠡᠴᠡ︾

ᠵᠢᠷᠭᠤᠭ᠎ᠠ ᠶᠢ ᠨᠢᠭᠡ ᠴᠣᠭᠴᠠᠵᠢᠭᠤᠯᠤᠭᠰᠠᠨ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠬᠠᠮ

ᠵᠠᠭᠤᠴᠢᠯᠠᠭᠤᠷ ᠢᠶᠠᠷ ᠤᠬᠠᠭᠤᠯᠬᠤ᠂ ᠪᠦᠷᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠤᠯᠠᠮᠵᠢᠯᠠᠬᠤ᠂ ᠪᠥᠬᠦ

ᠲᠠᠪᠴᠠᠩ ᠢᠶᠠᠷ ᠬᠠᠮᠤᠷᠬᠤ ᠰᠦᠯᠵᠢᠶᠡᠨ ᠤ ᠤᠬᠠᠭᠤᠯᠭ᠎ᠠ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ᠲᠤᠰᠬᠠᠢ

ᠪᠤᠯᠤᠩ ᠭᠠᠷᠭᠠᠬᠤ᠂ ᠲᠤᠰᠬᠠᠢ ᠰᠡᠳᠦᠪᠲᠦ ᠫᠷᠣᠭ᠍ᠷᠠᠮ ᠭᠠᠷᠭᠠᠬᠤ ᠪᠠ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ

ᠳᠠᠮᠵᠢᠭᠤᠯᠤᠨ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠨᠡᠶᠢᠲᠡᠯᠢᠭ ᠵᠢᠱᠢᠶ᠎ᠡ ᠶᠢ ᠥᠷᠭᠡᠨ ᠢᠶᠠᠷ

ᠤᠬᠠᠭᠤᠯᠵᠤ᠂ ᠨᠠᠮ ᠤᠨ ᠦᠨᠳᠦᠰᠦᠲᠡᠨ ᠤ ᠤᠨᠤᠯ ᠤᠨ ᠲᠦᠷᠦ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠤᠨ

ᠲᠡᠷᠢᠭᠦᠨ ᠤ ᠦᠢᠯᠡ ᠠᠵᠢᠯᠯᠠᠭ᠎ᠠ ᠵᠡᠷᠭᠡ ᠶᠢ 2000 ᠭᠠᠷᠤᠢ ᠤᠳᠠᠭ᠎ᠠ ᠨᠡᠶᠢᠲᠡᠯᠡᠪᠡ᠃ᠣᠷᠣᠭᠤᠯᠤᠯᠲᠠ ᠶᠢᠨ

ᠵᠠᠷᠤᠳᠠᠯ ᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠰᠣᠶᠣᠯ ᠤᠨ ᠵᠢᠭᠰᠠᠭᠠᠯ ᠤᠨ ᠭᠠᠵᠠᠷ᠂ ᠬᠤᠲᠠ ᠶᠢᠨ

ᠠᠷᠠᠳ ᠤᠨ ᠲᠠᠯᠠᠪᠠᠶ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂

ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ   ᠠᠴᠠ ᠪᠠᠨ ︽

ᠲᠠᠪᠤᠨ ᠮᠡᠳᠡᠷᠡᠬᠦᠢ︾ ᠶᠢ ᠲᠠᠨᠢᠨ ᠮᠡᠳᠡᠷᠡᠨ᠎ᠡ᠃

     ᠡᠩᠨᠡᠭᠡ ᠪᠠᠨ ᠬᠦᠴᠦᠷᠬᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ︽ᠲᠤᠯᠭᠠᠭᠤᠷᠢ ᠬᠦᠴᠦᠨ︾︾

 ᠢ ᠪᠣᠶᠢᠵᠢᠭᠤᠯᠤᠨ᠎ᠠ᠃︽ᠤᠯᠠᠭᠠᠨ ᠠᠨᠠᠷ︾ ᠤᠨ ᠤᠬᠠᠭᠤᠯᠬᠤ ᠠᠩᠭᠢ᠂ ︽ᠨᠢᠭᠡᠳᠦᠭᠡᠷ ᠱᠦᠵᠢ︾ ᠶᠢᠨ ᠠᠯᠪᠠᠨ

ᠵᠢᠷᠤᠮ ᠤᠨ ᠤᠬᠠᠭᠤᠯᠬᠤ ᠠᠩᠭᠢ᠂ ︽ᠬᠥᠬᠡ ᠮᠣᠷᠢᠲᠤ ᠪᠠᠭᠠᠲᠤᠷ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ

ᠠᠩᠭᠢ ᠵᠡᠷᠭᠡ ᠣᠯᠠᠨ ᠤᠬᠠᠭᠤᠯᠬᠤ ᠡᠩᠨᠡᠭᠡ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ᠂ ᠭᠠᠴᠠᠭ᠎ᠠ

ᠲᠣᠰᠬᠤᠨ᠂ ᠮᠠᠯᠴᠢᠳ ᠤᠨ ᠭᠡᠷ ᠲᠤ ᠭᠦᠨᠵᠡᠭᠡᠶᠢᠷᠡᠵᠦ᠂ ︽ᠭᠡᠷ ᠪᠦᠯᠢ ᠮᠠᠶ᠋ᠢᠭ︾ ᠤᠨ ᠲᠥᠷᠥᠯ ᠰᠠᠳᠤᠨ ᠤ ᠬᠠᠶᠢᠷ᠎ᠠ

ᠬᠠᠯᠠᠮᠵᠢ ᠶᠢ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ

ᠲᠣᠬᠤᠨᠢᠭᠤᠯᠬᠤ ᠶᠢᠨ ᠬᠠᠮᠲᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ

ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠤᠨ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃

ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ

ᠪᠣᠳᠣᠯᠭ᠎ᠠ ᠶᠢᠨ ᠲᠣᠭᠤᠷᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠥᠷᠨᠢᠭᠦᠯᠵᠦ᠂ ᠦᠨᠳᠦᠰᠦᠨ

ᠱᠠᠲᠤᠨ ᠤ ᠺᠠᠳ᠋ᠷ ᠠᠵᠢᠯᠲᠠᠨ ᠠᠵᠢᠯᠴᠢᠨ ᠢ ᠪᠦᠷᠢᠨ ᠬᠠᠮᠤᠷᠬᠤ ᠶᠢ ᠪᠡᠶᠡᠯᠡᠭᠦᠯᠬᠦ ᠬᠡᠷᠡᠭᠲᠡᠢ᠃ᠣᠲᠣ ᠪᠣᠯᠲᠠᠯ᠎ᠠ᠂

ᠪᠣᠯᠪᠠᠰᠤᠷᠠᠯ ᠤᠨ ᠠᠩᠭᠢ ᠶᠢ ᠨᠢᠭᠡᠨᠲᠡ 5 ᠬᠤᠭᠤᠴᠠᠭ᠎ᠠ ᠥᠷᠨᠢᠭᠦᠯᠵᠦ᠂ ᠺᠠᠳ᠋ᠷ ᠣᠯᠠᠨ ᠲᠦᠮᠡᠨ ᠢ 200 ᠭᠠᠷᠤᠢ

ᠬᠥᠮᠥᠨ ᠤᠳᠠᠭ᠎ᠠ ᠬᠥᠮᠥᠵᠢᠭᠦᠯᠵᠡᠢ᠃

     ᠤᠯᠠᠨ ᠲᠦᠮᠡᠨ ᠢ ᠬᠠᠶᠢᠷᠠᠯᠠᠨ ᠬᠠᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ︽ᠵᠣᠯ ᠵᠢᠷᠭᠠᠯ ᠤᠨ ᠲᠠᠭᠤᠨ︾

︾ ᠢ ᠴᠢᠪᠬᠠᠳᠠᠨ᠎ᠠ᠃ᠵᠡᠭᠡᠯᠢ ᠭᠤᠳᠤᠮᠵᠢ ᠪᠠᠷ ︽ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠢᠨᠵᠧᠨᠧᠷᠢᠩ︾ ᠢ

ᠡᠬᠢᠯᠡᠭᠦᠯᠬᠦ ᠪᠠᠷ ᠠᠵᠠ ᠲᠣᠬᠢᠶᠠᠯ ᠪᠣᠯᠭᠠᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ

︽ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠥᠷᠲᠡᠭᠡ︾ ᠶᠢ ᠪᠠᠶᠢᠭᠤᠯᠵᠤ᠂ ᠪᠠᠷᠢᠮᠵᠢᠶᠠᠵᠢᠭᠰᠠᠨ ᠠᠵᠢᠯᠯᠠᠭᠠᠨ ᠤ

ᠥᠷᠥᠭᠡ ᠲᠣᠬᠢᠷᠠᠭᠤᠯᠤᠨ᠂ ᠡᠮᠴᠢᠯᠡᠭᠡᠨ ᠤ ᠬᠡᠷᠡᠭᠰᠡᠯ ᠢ ᠳᠡᠭᠡᠳᠦ ᠪᠠᠷᠢᠮᠵᠢᠶ᠎ᠠ ᠪᠠᠷ ᠲᠣᠬᠢᠷᠠᠭᠤᠯᠵᠤ᠂ ᠡᠷᠡᠭᠦᠯ

ᠮᠡᠨᠳᠦ ᠶᠢᠨ ᠮᠡᠳᠡᠯᠭᠡ ᠶᠢᠨ ᠲᠠᠶᠢᠯᠤᠮᠵᠢ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠲᠣᠭᠲᠠᠮᠠᠯ

ᠬᠤᠭᠤᠴᠠᠭ᠎ᠠ ᠲᠠᠢ ᠪᠠᠷ ᠥᠷᠨᠢᠭᠦᠯᠦᠨ᠎ᠡ᠃ᠳᠡᠭᠡᠳᠦ ᠱᠠᠲᠤᠨ   ᠠᠴᠠ 474 ᠲᠦᠮᠡᠨ ᠲᠥᠭᠦᠷᠢᠭ ᠤᠨ ᠪᠡᠯᠡ ᠮᠥᠩᠭᠦ

ᠣᠯᠵᠤ᠂ ᠪᠠᠷᠠᠭᠤᠨ ᠭᠠᠴᠠᠭ᠎ᠠ ᠶᠢᠨ ᠬᠠᠭᠤᠴᠢᠨ ᠰᠠᠷᠠᠪᠴᠢᠨ ᠲᠣᠭᠤᠷᠢᠭ ᠲᠤ 1.48 ᠺᠢᠯᠣᠮᠧᠲᠷ ᠤᠨ ᠪᠣᠬᠢᠷ

ᠤᠰᠤᠨ ᠤ ᠬᠤᠭᠤᠯᠠᠢ ᠶᠢᠨ ᠲᠣᠣᠷ ᠢ 1 ᠪᠠᠶᠢᠭᠤᠯᠵᠤ᠂ 80 ᠡᠷᠦᠬᠡ ᠰᠠᠭᠤᠭᠠᠯᠢ ᠠᠷᠠᠳ ᠲᠤ ᠪᠣᠬᠢᠷ ᠤᠰᠤᠨ ᠤ

ᠬᠤᠳᠳᠤᠭ ᠪᠠᠶᠢᠭᠤᠯᠵᠤ ᠥᠭᠭᠦᠨ᠎ᠡ︔ ᠬᠦᠨᠳᠡᠢ ᠶᠢᠨ ᠲᠤᠰᠬᠤᠨ ᠤ ᠬᠤᠶᠢᠲᠤ ᠲᠠᠯ᠎ᠠ ᠳᠤ 390 ᠮᠧᠲᠷ ᠤᠨ

ᠦᠶᠡᠷ ᠢ ᠵᠠᠯᠠᠬᠤ ᠰᠤᠪᠠᠭ ᠢ 1 ᠪᠠᠶᠢᠭᠤᠯᠵᠤ᠂ ᠨᠡᠷᠡᠨ ᠡᠨᠧᠷᠭᠢ ᠶᠢᠨ ᠵᠠᠮ ᠤᠨ ᠳ᠋ᠧᠩ ᠢ 80  ᠲᠠᠭᠠᠷᠠᠭᠤᠯᠪᠠ︔

ᠲᠠᠯᠠᠶᠢᠬᠤᠰᠢᠭᠤ ᠲᠣᠰᠬᠤᠨ ᠳᠤ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠬᠠᠰᠢᠶ᠎ᠠ ᠰᠠᠷᠠᠪᠴᠢ᠂ ᠰᠠᠨ ᠬᠤᠸ

ᠴᠢᠤᠸᠠᠨ ᠢᠳᠡᠰᠢᠨ ᠨᠣᠭᠤᠭ᠎ᠠ ᠶᠢᠨ ᠲᠡᠭᠡᠭᠡᠪᠦᠷᠢ ᠶᠢᠨ ᠵᠠᠮ ᠤᠨ ᠲᠥᠷᠥᠯ ᠵᠦᠢᠯ ᠢ 2 ᠪᠠᠶᠢᠭᠤᠯᠵᠤ᠂ ᠠᠷᠢᠭᠤᠨ

ᠴᠡᠪᠡᠷ ᠵᠣᠷᠯᠣᠩ ᠢ 3 ᠪᠠᠶᠢᠭᠤᠯᠪᠠ᠃ ᠡᠯ᠎ᠡ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ︽ᠨᠢᠭᠡ

ᠵᠢᠭᠰᠠᠭᠠᠯ ᠤᠨ ᠭᠠᠵᠠᠷ ᠨᠢᠭᠡ ᠨᠠᠷᠠᠲᠤ ᠲᠡᠮᠳᠡᠭᠲᠦ︾ ᠶᠢᠨ ︽ᠨᠢᠭᠡᠳᠦᠮᠡᠯ ᠹᠷᠣᠨᠲ ᠤᠨ ᠭᠡᠷ ᠪᠦᠯᠢ︾ ᠶᠢ ᠪᠣᠶ

ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠦᠴᠢᠷᠳᠡᠯ ᠲᠠᠢ ᠬᠥᠮᠥᠰ ᠢ ᠬᠠᠪᠰᠤᠷᠤᠨ ᠲᠡᠳᠬᠦᠬᠦ

ᠵᠡᠷᠭᠡ ᠰᠢᠷᠢᠰ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号