ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/9/8
    ᠣᠶᠢᠷ᠎ᠠ ᠶᠢᠨ ᠬᠤᠭᠤᠴᠠᠭᠠᠨ ᠳᠤ᠂ ᠮᠠᠨ ᠤ ᠤᠯᠤᠰ ᠤᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠣᠯᠠᠨ ᠭᠠᠵᠠᠷ ᠲᠤ ᠪᠠᠶᠢᠨ ᠳᠠᠬᠢᠨ ᠡᠭᠦᠰᠴᠦ᠂ ᠬᠡᠰᠡᠭ ᠲᠠᠯ᠎ᠠ ᠶᠢᠨ ᠬᠡᠪᠴᠢᠶᠡᠵᠢᠯ ᠤᠨ ᠴᠢᠨᠠᠷᠲᠠᠢ ᠳᠠᠬᠢᠨ ᠨᠡᠮᠡᠭᠳᠡᠬᠦ ᠪᠠᠶᠢᠳᠠᠯ ᠢᠯᠡᠷᠡᠵᠦ᠂ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠲᠦᠩᠯᠢᠶᠣᠣ ᠬᠤᠲᠠ ᠶᠢᠨ ᠡᠷᠬᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠠᠶᠢᠵᠤ᠂ ᠮᠠᠨ ᠤ ᠬᠤᠲᠠ ᠶᠢᠨ ᠣᠷᠣᠭᠤᠯᠤᠯᠲᠠ ᠶᠢᠨ ᠲᠦᠭᠰᠢᠭᠦᠷᠢ ᠨᠡᠯᠢᠶᠡᠳ ᠶᠡᠭᠡ ᠪᠠᠶᠢᠨ᠎ᠠ᠃ᠨᠠᠢᠮᠠᠨ ᠰᠠᠷ᠎ᠠ   ᠶᠢᠨ ᠠᠷᠪᠠᠨ ᠲᠠᠪᠤᠨ ᠤ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ ᠬᠥᠮᠥᠰ ᠤᠨ ᠨᠡᠭᠦᠳᠡᠯ ᠪᠠ ᠲᠥᠪᠯᠡᠷᠡᠯ ᠤᠨ ᠴᠢᠨᠠᠷ ᠨᠡᠮᠡᠭᠳᠡᠵᠦ᠂ ᠬᠢᠵᠢᠭ ᠤᠨ ᠪᠠᠶᠢᠳᠠᠯ ᠤᠨ ᠣᠷᠣᠵᠤ ᠢᠷᠡᠬᠦ ᠪᠠ ᠳᠡᠯᠭᠡᠷᠡᠬᠦ ᠠᠶᠤᠯ ᠲᠦᠭᠰᠢᠭᠦᠷᠢ ᠤᠯᠠᠮ ᠨᠢᠭᠡ ᠠᠯᠬᠤᠮ ᠨᠡᠮᠡᠭᠳᠡᠬᠦ ᠪᠣᠯᠣᠨ᠎ᠠ᠃ᠥᠷᠭᠡᠨ ᠤᠯᠠᠨ ᠬᠤᠳᠠ ᠶᠢᠨ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠨᠡᠩ ᠰᠠᠶᠢᠲᠤᠷ ᠪᠠᠲᠤᠯᠠᠵᠤ᠂ ᠡᠶ᠎ᠡ ᠵᠣᠬᠢᠴᠠᠯ ᠲᠠᠢ ᠡᠷᠡᠭᠦᠯ ᠰᠠᠷᠠᠭᠤᠯ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄   ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠢ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠨ᠂ ︽ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠬᠠᠮᠢᠶᠠᠷᠬᠤ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠬᠠᠮᠢᠶᠠᠷᠬᠤ᠂ ᠬᠥᠭᠵᠢᠯᠲᠡ ᠶᠢ ᠬᠠᠮᠢᠶᠠᠷᠬᠤ ᠳᠤ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠬᠠᠮᠢᠶᠠᠷᠬᠤ︾ ᠵᠠᠷᠴᠢᠮ ᠶᠣᠰᠣᠭᠠᠷ᠂ ︽ᠬᠠᠷᠢᠶ᠎ᠠ ᠣᠷᠣᠨ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠥᠨ︾ ᠤ ᠲᠦᠷᠪᠡᠨ ᠲᠠᠯ᠎ᠠ ᠶᠢᠨ ᠬᠠᠷᠢᠭᠤᠴᠠᠯᠭ᠎ᠠ᠂ ᠢᠯᠠᠩᠭᠤᠶ᠎ᠠ ᠬᠤᠪᠢ ᠬᠥᠮᠥᠨ ︵ᠭᠡᠷ ᠪᠦᠯᠢ︶ ᠤ ᠥᠪᠡᠷ ᠢ ᠪᠠᠨ ᠰᠡᠷᠭᠡᠶᠢᠯᠡᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃   ᠬᠤᠶᠠᠷ᠂ ᠢᠷᠡᠭᠰᠡᠳ︵ᠡᠭᠡᠵᠦ ᠢᠷᠡᠭᠰᠡᠳ︶ ᠤᠨ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ 7 ᠡᠳᠦᠷ ᠤᠨ ᠳᠣᠲᠣᠷ᠎ᠠ ᠲᠦᠩᠯᠢᠶᠣᠣ ᠬᠤᠲᠠ ᠶᠢᠨ ᠬᠢᠯᠢ ᠶᠢᠨ ᠭᠠᠳᠠᠨᠠᠬᠢ ᠵᠤᠭᠠᠴᠠᠯ ᠤᠨ ᠲᠡᠦᠬᠡ ᠲᠠᠢ ᠬᠥᠮᠥᠨ ᠪᠦᠬᠦᠨ ᠳᠤ᠂ ᠢᠯᠠᠩᠭᠤᠶ᠎ᠠ ᠲᠤᠰ ᠭᠠᠵᠠᠷ ᠣᠷᠣᠨ ᠤ ᠬᠢᠵᠢᠭ ᠤᠨ ᠪᠠᠶᠢᠳᠠᠯ  ᠲᠠᠢ ᠭᠠᠵᠠᠷ ᠣᠷᠣᠨ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠠᠷᠲ ᠢ ᠮᠠᠨ ᠤ ᠬᠤᠲᠠ ᠳᠤ ᠣᠷᠣᠭᠤᠯᠬᠤ ᠶᠢᠨ ᠬᠠᠮᠲᠤ 3 ᠡᠳᠦᠷ ᠤᠨ 2 ᠳ᠋ᠤᠭᠠᠷ ᠪᠠᠶᠢᠴᠠᠭᠠᠯᠲᠠ ︵ᠳᠠᠷᠤᠢ ᠨᠢᠭᠡᠳᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠵᠦ᠂ ᠬᠤᠶᠠᠳᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠤᠤᠯᠢᠩᠭᠤᠤᠯ ᠳᠤ ᠬᠦᠷᠦᠭᠰᠡᠨ ᠤ ᠳᠠᠷᠠᠭᠠᠬᠢ 24 ︱ 72 ᠴᠠᠭ ᠤᠨ ᠳᠣᠲᠣᠷ᠎ᠠ ᠪᠡᠶᠡᠯᠡᠭᠦᠯᠬᠦ ᠬᠡᠷᠡᠭᠲᠡᠢ︶ ᠬᠢᠵᠦ᠂ ᠵᠣᠷᠢᠭᠰᠠᠨ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠂ ᠠᠵᠤ ᠠᠬᠤᠶᠢᠯᠠᠯ᠂ ᠨᠢᠭᠡᠴᠡ ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠨ᠎ᠡ᠃ ᠬᠤᠤᠯᠢᠩᠭᠤᠤᠯ ᠳᠤ ᠪᠠᠭᠤᠭᠰᠠᠨ ᠤ ᠲᠠᠷᠠᠭ᠎ᠠ ᠨᠢᠭᠡᠳᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠭᠠᠷᠭᠠᠵᠤ ᠥᠭᠬᠦ ᠠᠴᠠ ᠡᠮᠦᠨ᠎ᠡ᠂ ᠲᠡᠯᠭᠡᠭᠦᠷ᠂ ᠵᠣᠴᠢᠳ ᠤᠨ ᠪᠠᠭᠤᠳᠠᠯ  ᠂ ᠰᠦᠯᠵᠢᠶᠡᠨ ᠤ ᠪᠠᠭᠠᠷ᠂ ᠳᠠᠭᠤᠤ ᠶᠢᠨ ᠲᠢᠩᠬᠢᠮ᠂ ᠬᠦᠷᠭᠡᠳᠡᠭ ᠬᠤᠭᠤᠯᠠ ᠵᠡᠷᠭᠡ ᠦᠢᠯᠡᠴᠢᠯᠡᠭᠡᠨ ᠤ ᠦᠢᠯᠡᠰ ᠤᠨ ᠠᠵᠢᠯᠲᠠᠨ ᠡᠵᠡᠩᠨᠡᠯᠲᠡ ᠶᠢᠨ ᠠᠵᠢᠯ ᠤᠨ ᠪᠠᠶᠢᠷᠢ ᠳᠤ ᠭᠠᠷᠴᠤ ᠪᠣᠯᠬᠤ ᠦᠭᠡᠢ᠂ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠵᠠᠷᠴᠢᠮ ᠳᠡᠭᠡᠷ᠎ᠡ ᠪᠠᠨ ᠭᠡᠷ ᠲᠡᠭᠡᠨ ᠰᠠᠭᠤᠵᠤ ᠠᠵᠢᠯᠯᠠᠬᠤ ᠬᠡᠷᠡᠭᠲᠡᠢ᠃   ᠭᠤᠷᠪᠠ᠂ ᠬᠥᠮᠥᠰ ᠤᠨ ᠭᠠᠳᠠᠭᠰᠢ ᠭᠠᠷᠬᠤ ᠬᠠᠮᠢᠶᠠᠷᠤᠯᠲᠠ ᠶᠢ ᠴᠢᠩᠭ᠎ᠠ ᠰᠠᠶᠢᠲᠤᠷ ᠬᠢᠬᠦ ᠬᠡᠷᠡᠭᠲᠡᠢ᠃ ᠲᠤᠬᠠᠢ   ᠶᠢᠨ ᠭᠠᠵᠠᠷ ᠲᠠᠭᠠᠨ ᠪᠠᠶᠠᠷ ᠤᠨ ᠡᠳᠦᠷ   ᠢ ᠥᠩᠭᠡᠷᠡᠭᠡᠬᠦ   ᠶᠢ ᠰᠠᠨᠠᠭᠠᠴᠢᠯᠠᠵᠤ᠂ ᠬᠤᠲᠠ ᠠᠯᠤᠰᠯᠠᠨ ᠭᠠᠳᠠᠭᠰᠢ ᠭᠠᠷᠬᠤ   ᠠᠴᠠ ᠠᠯᠢ ᠴᠢᠳᠠᠬᠤ ᠪᠠᠷ ᠵᠠᠶᠢᠯᠠᠰᠬᠢᠬᠦ ᠪᠤᠶᠤ ᠪᠠᠭᠠᠰᠬᠠᠵᠤ᠂ ᠮᠤᠵᠢ ᠠᠯᠤᠰᠯᠠᠨ ᠭᠠᠳᠠᠭᠰᠢ ᠭᠠᠷᠬᠤ ᠦᠭᠡᠢ ᠪᠠᠶᠢᠬᠤ ᠴᠢᠬᠤᠯᠠ ᠦᠭᠡᠢ᠃ ᠳᠤᠮᠳᠠ᠂ ᠲᠦᠭᠰᠢᠭᠦᠷᠢ ᠶᠡᠬᠡᠲᠡᠢ ᠭᠠᠵᠠᠷ ᠣᠷᠣᠨ ᠵᠢᠴᠢ ᠪᠠᠶᠢᠭ᠎ᠠ ᠰᠢᠶᠠᠨ ︵ᠬᠤᠲᠠ᠂ ᠲᠣᠭᠤᠷᠢᠭ︶ ᠳᠤ ᠣᠴᠢᠬᠤ ᠶᠢ ᠴᠢᠩᠭ᠎ᠠ ᠬᠢᠵᠠᠭᠠᠷᠯᠠᠵᠤ᠂ ᠴᠢᠬᠤᠯᠠ ᠦᠭᠡᠢ ᠪᠣᠯ ᠳᠤᠮᠳᠠ᠂ ᠲᠦᠭᠰᠢᠭᠦᠷᠢ ᠶᠡᠬᠡᠲᠡᠢ ᠭᠠᠵᠠᠷ ᠣᠷᠣᠨ ᠤ ᠪᠠᠶᠢᠭ᠎ᠠ ᠭᠠᠵᠠᠷ ᠤᠨ ᠬᠤᠲᠠ ᠶᠢᠨ ᠪᠤᠰᠤᠳ ᠰᠢᠶᠠᠨ ︵ᠬᠤᠲᠠ᠂ ᠲᠣᠭᠤᠷᠢᠭ︶ ᠳᠤ ᠣᠴᠢᠬᠤ ᠦᠭᠡᠢ ᠪᠠᠶᠢᠬᠤ ᠬᠡᠷᠡᠭᠲᠡᠢ᠃ ᠲᠦᠩᠯᠢᠶᠣᠣ ᠬᠤᠲᠠ   ᠠᠴᠠ ᠭᠠᠳᠠᠨ᠎ᠠ ᠪᠠᠶᠢᠭ᠎ᠠ ᠬᠥᠮᠥᠰ ᠢ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ᠂ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ᠂ ᠡᠮᠴᠢᠯᠡᠭᠡᠨ ᠤ ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ᠂ ᠬᠢᠨᠠᠨ ᠬᠠᠮᠢᠶᠠᠷᠬᠤ ᠭᠠᠵᠠᠷ ᠲᠠᠯᠠᠪᠤᠷ᠂ ᠰᠤᠷᠭᠠᠭᠤᠯᠢ ᠪᠠ ᠪᠠᠷᠢᠯᠭ᠎ᠠ ᠶᠢᠨ ᠭᠠᠵᠠᠷ ᠵᠡᠷᠭᠡ ᠨᠢᠭᠡᠴᠡ ᠨᠦᠭᠦᠳ ᠮᠡᠳᠡᠭᠦᠯᠵᠦ ᠳᠠᠩᠰᠠᠯᠠᠭᠤᠯᠬᠤ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃    ᠳᠥᠷᠪᠡ᠂ ᠭᠤᠣᠯᠳᠠᠯᠭ᠎ᠠ ᠲᠠᠢ ᠲᠠᠯᠠᠪᠤᠷ ᠭᠠᠵᠠᠷ ᠪᠠ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃   ᠥᠷᠭᠡᠨ ᠣᠯᠠᠨ ᠬᠤᠲᠠ ᠶᠢᠨ ᠠᠷᠠᠳ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠨᠣᠮ ᠤᠨ ᠰᠠᠩ ᠂ ᠵᠣᠴᠢᠳ ᠤᠨ ᠪᠠᠭᠤᠳᠠᠯ᠂ ᠺᠢᠨᠣ᠋ ᠵᠦᠴᠦᠭᠡ ᠶᠢᠨ ᠲᠢᠶᠠᠲᠷ᠂ ᠦᠵᠡᠮᠵᠢ ᠶᠢᠨ ᠣᠷᠣᠨ᠂ ᠠᠷᠢᠬᠢᠨ ᠪᠠᠭᠠᠷ᠂ ᠨᠠᠭᠠᠳᠤᠮ ᠴᠡᠩᠭᠡᠯ ᠰᠡᠯᠡᠭᠦᠴᠡᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠡᠭᠡᠯᠵᠢ ᠶᠢᠨ ᠱᠤᠭᠤᠮ ᠤᠨ ᠠᠶᠠᠨᠴᠢᠳ ᠤᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠠᠭᠠᠨ ᠠᠮᠠᠪᠴᠢ ᠵᠡᠭᠦᠵᠦ᠂ ︽ ᠨᠡᠪᠳᠡᠷᠬᠡᠢv ᠺᠤᠲ︾ ᠢ ᠱᠦᠭᠦᠷᠳᠡᠬᠦ ᠬᠡᠷᠡᠭᠲᠡᠢ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ᠂ ᠣᠯᠠᠨ ᠨᠡᠶᠢᠲᠡ ᠶᠢᠨ ᠲᠠᠯᠠᠪᠤᠷ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠠᠵᠢᠯᠲᠠᠳ ᠵᠢᠵᠢᠭᠦᠷᠯᠡᠨ ᠰᠠᠬᠢᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︽ᠣᠷᠣᠬᠤ ᠲᠣᠬᠢᠶᠠᠯᠳᠤᠪᠠᠯ ᠵᠠᠪᠠᠯ ᠱᠦᠭᠦᠷᠳᠡᠵᠦ᠂ ᠱᠦᠭᠦᠷᠳᠡᠨ ᠠᠷᠢᠯᠭᠠᠬᠤ ᠲᠣᠬᠢᠶᠠᠯᠳᠤᠪᠠᠯ ᠵᠠᠪᠠᠯ ᠪᠠᠶᠢᠴᠠᠭᠠᠵᠤ᠂ ᠣᠨᠳᠣᠣ ᠵᠦᠢᠯ ᠲᠣᠬᠢᠶᠠᠯᠳᠤᠪᠠᠯ ᠵᠠᠪᠠᠯ ᠮᠡᠳᠡᠭᠦᠯᠬᠦ︾ ᠬᠡᠷᠡᠭᠲᠡᠢ᠃ᠳᠤᠯᠠᠭᠠᠨ ᠤ ᠬᠡᠮᠵᠢᠯᠲᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠠᠪᠴᠢ ᠵᠡᠭᠦᠬᠦ᠂ ᠨᠢᠭᠡ ᠮᠧᠲᠷ ᠤᠨ ᠱᠤᠭᠤᠮ ᠵᠡᠭᠦᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ᠂ ᠪᠥᠬᠦ ᠠᠵᠢᠯᠲᠠᠨ ᠤ ᠬᠤᠪᠢ ᠬᠥᠮᠥᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠪᠠᠷ ᠮᠥᠷᠯᠡᠭᠦᠯᠵᠦ᠂ ᠪᠢᠲᠡᠭᠦᠮᠵᠢᠯᠡᠭᠰᠡᠨ ᠲᠠᠯᠠᠪᠤᠷ ᠲᠤ ᠲᠠᠯᠠᠪᠤᠷ ᠲᠤ ᠣᠷᠣᠬᠤ ᠬᠥᠮᠥᠨ ᠤ ᠲᠤᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃   ᠲᠠᠪᠤ᠂ ᠬᠥᠮᠥᠨ ᠬᠠᠷ᠎ᠠ ᠴᠤᠭᠯᠠᠷᠠᠬᠤ ᠶᠢ ᠴᠥᠭᠡᠳᠬᠡᠨ᠎ᠡ᠃ ︽ᠴᠢᠬᠤᠯᠠ ᠦᠭᠡᠢ ᠪᠣᠯ ᠡᠷᠬᠢᠯᠡᠬᠦ ᠦᠭᠡᠢ︾ ᠵᠠᠷᠴᠢᠮ ᠤᠨ ᠶᠣᠰᠣᠭᠠᠷ᠂ ︽ᠪᠠᠶᠠᠷ ᠤᠨ ᠶᠠᠪᠤᠳᠠᠯ ᠢ ᠬᠤᠶᠢᠰᠢᠯᠠᠭᠤᠯᠬᠤ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ ᠂ ᠳᠠᠶᠢᠯᠠᠯᠭ᠎ᠠ ᠶᠢ ᠬᠢᠬᠦ ᠦᠭᠡᠢ︾ ᠶᠢ ᠰᠠᠨᠠᠭᠠᠴᠢᠯᠠᠵᠤ᠂ ᠪᠦᠬᠦ ᠬᠤᠳᠠ ᠶᠢᠨ ᠲᠣᠮᠣ ᠬᠡᠪᠴᠢᠶᠡᠨ ᠤ ᠬᠤᠷᠠᠯ᠂ ᠪᠣᠯᠪᠠᠰᠤᠷᠠᠯ᠂ ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠣᠷᠣᠯᠠᠭᠤᠯᠵᠤ ᠪᠣᠷᠤᠯᠠᠭᠤᠯᠭ᠎ᠠ ᠶᠢ ᠠᠬᠢᠭᠤᠯᠬᠤ ᠵᠡᠷᠭᠡ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠲᠦᠷ ᠵᠣᠭᠰᠣᠭᠠᠵᠤ᠂ ᠭᠡᠷ ᠪᠦᠯᠢ ᠶᠢᠨ ᠬᠤᠪᠢ ᠬᠥᠮᠥᠨ ᠤ ᠬᠠᠮᠲᠤ ᠶᠢᠨ ᠳᠠᠶᠢᠯᠠᠯᠭ᠎ᠠ ᠶᠢᠨ ᠴᠤᠭᠯᠠᠭᠠᠨ ᠳᠤ 10 ᠬᠥᠮᠥᠨ ᠠᠴᠠ ᠬᠡᠲᠦᠷᠡᠭᠦᠯᠬᠦ ᠦᠭᠡᠢ ᠪᠠᠶᠢᠬᠤ ᠶᠢ ᠰᠠᠨᠠᠭᠠᠴᠢᠯᠠᠪᠠ᠃   ᠵᠢᠷᠭᠤᠭ᠎ᠠ᠂ ᠡᠳᠦᠷ ᠲᠤᠲᠤᠮ ᠤᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠥᠷᠭᠡᠨ ᠤᠯᠠᠨ ᠬᠤᠳᠠ ᠶᠢᠨ ᠠᠷᠠᠳ ︽ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠵᠢᠪᠠᠷ ᠨᠡᠪᠲᠡᠷᠡᠭᠦᠯᠬᠦ᠂ ᠦᠷᠭᠦᠯᠵᠢ ᠠᠷᠢᠭᠤᠳᠬᠠᠬᠤ᠂ ᠨᠢᠭᠡ ᠮᠧᠲᠷ ᠤᠨ ᠤᠲᠠᠰᠤ᠂ ᠨᠡᠶᠢᠲᠡ ᠶᠢᠨ ᠰᠠᠪᠬ᠎ᠠ ᠬᠡᠷᠡᠭᠯᠡᠬᠦ︾ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢᠶᠠᠨ ᠦᠷᠭᠦᠯᠵᠢᠯᠡᠨ ᠪᠠᠷᠢᠮᠲᠠᠯᠠᠬᠤ ᠬᠡᠷᠡᠭᠲᠡᠢ᠃ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠣᠶᠢᠷᠠᠯᠴᠠᠭ᠎ᠠ ᠪᠠᠶᠢᠭ᠎ᠠ ᠬᠠᠯᠠᠭᠤᠷᠠᠯ ᠤᠨ ᠡᠭᠦᠳᠡᠨ ᠡᠮᠨᠡᠯᠭᠡ ᠲᠠᠢ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠨᠡᠭᠦᠯᠦᠨ᠎ᠡ᠂ ᠡᠨᠡ ᠬᠤᠭᠤᠴᠠᠭᠠᠨ ᠳᠤ ᠠᠯᠢ ᠴᠢᠳᠠᠬᠤ ᠪᠠᠷ ᠪᠤᠰᠤᠳ ᠬᠥᠮᠥᠨ ᠲᠠᠢ ᠣᠶᠢᠷᠠᠳᠬᠤ ᠪᠤᠶᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠵᠦ᠂ ᠡᠮᠨᠡᠭᠦᠯᠬᠦ ᠳᠡᠭᠡᠨ ᠣᠶᠢᠷ᠎ᠠ ᠶᠢᠨ ᠬᠤᠭᠤᠴᠠᠭᠠᠨ ᠤ ᠵᠢᠭᠤᠯᠴᠢᠯᠠᠵᠤ ᠰᠠᠭᠤᠭᠰᠠᠨ ᠲᠡᠦᠬᠡ ᠵᠢᠴᠢ ᠠᠳᠠᠯᠢᠪᠲᠤᠷ ᠡᠪᠡᠳᠴᠢᠨ ᠤ ᠢᠯᠡᠷᠡᠯ ᠲᠠᠢ ᠡᠪᠡᠳᠴᠢᠲᠡᠨ ᠲᠠᠢ ᠣᠶᠢᠷᠠᠲᠤᠭᠰᠠᠨ ᠲᠡᠦᠬᠡ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠢ᠃ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠲᠥᠰᠥᠯ ︵ᠶᠢᠰᠦᠳᠦᠭᠡᠷ ᠨᠢᠭᠤᠷ︶ ᠤᠨ ᠱᠠᠭᠠᠷᠳᠠᠯᠭ᠎ᠠ  ᠶᠢ ᠦᠨᠳᠦᠰᠦᠯᠡᠨ᠂ ᠬᠥᠮᠥᠨ ᠬᠠᠷ᠎ᠠ ᠨᠢᠭᠲᠠᠷᠠᠭᠰᠠᠨ᠂ ᠣᠷᠣᠨ ᠵᠠᠢ ᠨᠢᠭᠲᠠ ᠪᠢᠲᠡᠭᠦᠮᠵᠢᠯᠡᠭᠰᠡᠨ᠂ ᠠᠮᠠᠷᠬᠠᠨ ᠪᠥᠭᠡᠮᠨᠡᠷᠡᠬᠦ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠭᠠᠵᠠᠷ ᠲᠠᠯᠠᠪᠤᠷ ︵ᠵᠢᠱᠢᠶᠡᠯᠡᠪᠡᠯ ᠲᠡᠷᠭᠡᠨ ᠥᠷᠲᠡᠭᠡ ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠭ᠋᠂ ᠲᠠᠷᠢᠶᠠᠯᠠᠩ ᠠᠷᠠᠯᠵᠢᠶ᠎ᠠ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠤᠨ ᠭᠠᠵᠠᠷ ᠵᠡᠷᠭᠡ︶ ᠤᠨ ᠠᠵᠢᠯᠲᠠᠳ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ ᠡᠷᠬᠡᠪᠰᠢ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠪᠤᠶᠤ N95/KN95 ᠮᠥᠬᠦᠯᠢᠭᠲᠦ ᠪᠣᠳᠠᠰ ᠤᠨ ᠬᠠᠮᠠᠭᠠᠯᠠᠯᠲᠠ ᠶᠢᠨ ᠠᠮᠠᠪᠴᠢ ᠪᠤᠶᠤ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠶᠢ ᠪᠥᠬᠦ ᠶᠠᠪᠤᠴᠠ ᠳᠤ ᠵᠡᠭᠦᠵᠦ᠂ ᠨᠢᠭᠡ ᠯᠡ ᠤᠳᠠᠭ᠎ᠠ ᠶᠢᠨ ᠴᠢᠨᠠᠷᠲᠠᠢ ᠪᠡᠭᠡᠯᠡᠢ ᠵᠡᠭᠦᠬᠦ ᠬᠡᠷᠡᠭᠲᠡᠢ᠃ᠠᠶᠠᠨᠴᠢᠳ ᠪᠤᠶᠤ ᠵᠣᠴᠢᠳ ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠳᠤ ᠬᠡᠷᠡᠭᠯᠡᠬᠦ ᠠᠮᠠᠪᠴᠢ᠂ ᠡᠮᠨᠡᠯᠭᠡ ᠳᠤ ᠬᠡᠷᠡᠭᠯᠡᠬᠦ ᠭᠠᠳᠠᠷ ᠡᠮᠨᠡᠯᠭᠡ ᠶᠢᠨ ᠠᠮᠠᠪᠴᠢ ᠪᠤᠶᠤ ᠲᠡᠭᠦᠨ ᠠᠴᠠ ᠳᠡᠭᠡᠭᠰᠢᠬᠢ ᠳᠡᠰ ᠤᠨ ᠠᠮᠠᠪᠴᠢ ᠶᠢ ᠵᠡᠭᠦᠬᠦ ᠬᠡᠷᠡᠭᠲᠡᠢ᠃    ᠲᠦᠩᠯᠢᠶᠣᠣ ᠬᠤᠳᠠ ᠶᠢᠨ ᠭᠠᠳᠠᠨ᠎ᠠ ᠠᠴᠠ ᠪᠤᠴᠠᠵᠤ ᠢᠷᠡᠭᠰᠡᠨ ᠪᠤᠢ ᠪᠦᠬᠦᠢ ᠬᠥᠮᠥᠰ ᠴᠥᠮ ᠬᠤᠤᠯᠢᠩᠭᠤᠤᠯ ᠬᠤᠳᠠ ᠳᠤ ᠬᠦᠷᠬᠦ ᠠᠴᠠ ᠪᠠᠨ ᠡᠮᠦᠨ᠎ᠡ ᠰᠠᠨᠠᠭᠠᠴᠢᠯᠠᠭ᠎ᠠ ᠠᠴᠠ ᠪᠠᠨ ᠵᠣᠷᠢᠭᠰᠠᠨ ᠭᠠᠵᠠᠷ ᠲᠠᠭᠠᠨ ᠮᠡᠳᠡᠭᠦᠯᠦᠨ ᠳᠠᠩᠰᠠᠯᠠᠭᠤᠯᠵᠤ᠂ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠦᠭᠡᠢ᠂ ᠠᠶᠠᠨ ᠵᠠᠮ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠬᠢᠵᠢᠭ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠦᠭᠡᠢ ᠠᠴᠠ ᠪᠣᠯᠵᠤ ᠬᠢᠵᠢᠭ ᠳᠡᠯᠭᠡᠷᠡᠭᠦᠯᠦᠭᠰᠡᠨ ᠪᠦᠬᠦᠨ ᠠᠴᠠ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢ ᠦᠨᠳᠦᠰᠦᠯᠡᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠨ᠎ᠡ᠃           ᠬᠤᠤᠯᠢᠩᠭᠤᠤᠯ ᠬᠤᠲᠠ ᠶᠢᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ           ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                  2022 ᠣᠨ ᠤ 9 ᠰᠠᠷ᠎ᠠ ᠶᠢᠨ 7
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号