ᠮᠠᠨ ᠤ ᠬᠤᠲᠠ ᠪᠠᠶᠠᠷ ᠤᠨ ᠡᠳᠦᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ ᠣᠯᠠᠨ ᠲᠦᠮᠡᠨ ᠤ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠳᠤᠯᠠᠪᠠ
ᠨᠡᠶᠢᠲᠡᠯᠡᠭᠰᠡᠨ ᠴᠠᠭ᠄
2022/9/9
    ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ   ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠢᠳᠡᠭᠦᠯᠬᠦ ᠶᠢᠨ ᠲᠥᠯᠥᠭᠡ᠂ ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ   ᠠᠴᠠ ᠬᠠᠷᠢᠶᠠᠲᠤ ᠣᠷᠣᠨ ᠳᠠᠭᠠᠨ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠬᠢᠵᠦ᠂ ᠢᠳᠡᠭᠡᠨ ᠤ ︽ᠠᠮᠤᠷ ᠲᠦᠪᠰᠢᠨ ᠤ ᠪᠣᠭᠤᠮᠲᠠ︾ ᠶᠢ ᠴᠢᠩᠭ᠎ᠠ ᠠᠳᠬᠤᠪᠠ᠃

    ᠲᠣᠰ ᠤᠳᠠᠭᠠᠨ ᠤ ᠪᠠᠶᠢᠴᠠᠭᠠᠯᠲᠠ ᠳᠤ ᠣᠯᠠᠨ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ

ᠬᠡᠷᠡᠭᠯᠡᠭᠡᠨ ᠤ ᠣᠨᠴᠠᠯᠢᠭ ᠲᠠᠢ ᠤᠶᠠᠯᠳᠤᠭᠤᠯᠤᠨ᠂ ᠶᠧᠪᠧᠩ᠂ ᠵᠢᠮᠢᠰ᠂ ᠴᠠᠭᠠᠨ ᠢᠳᠡᠭᠡ᠂ ᠮᠢᠬᠠᠨ ᠤ ᠵᠦᠢᠯ᠂

ᠤᠰᠤᠨ ᠭᠠᠷᠤᠯᠲᠠ ᠵᠡᠷᠭᠡ ᠪᠠᠷ ᠭᠤᠣᠯᠳᠠᠯᠭ᠎ᠠ ᠲᠠᠢ ᠲᠥᠷᠥᠯ ᠵᠦᠢᠯ ᠪᠣᠯᠭᠠᠵᠤ᠂ ᠲᠣᠮᠣ ᠬᠡᠯᠪᠡᠷᠢ ᠶᠢᠨ

ᠬᠤᠳᠠᠯᠳᠤᠭᠠᠨ ᠤ ᠬᠡᠲᠦ ᠳᠡᠯᠭᠡᠭᠦᠷ᠂ ᠢᠳᠡᠭᠡᠨ ᠤ ᠵᠢᠵᠢᠭ ᠦᠢᠯᠡᠳᠬᠡᠯ᠂ ᠢᠳᠡᠭᠡᠨ ᠤᠮᠳᠠᠭᠠᠨ ᠤ ᠨᠢᠭᠡᠴᠡ ᠵᠡᠷᠭᠡ

ᠲᠠᠯᠠᠪᠤᠷ ᠢᠶᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠬᠤ ᠶᠢ ᠪᠠᠷᠢᠮᠲᠠᠯᠠᠨ᠂ ᠬᠢᠨᠠᠯᠲᠠ ᠲᠠᠯᠪᠢᠵᠤ ᠪᠠᠶᠢᠴᠠᠭᠠᠬᠤ ᠶᠢ

ᠪᠥᠬᠦ ᠲᠠᠯ᠎ᠠ ᠪᠠᠷ ᠥᠷᠨᠢᠭᠦᠯᠵᠦ᠂ ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃

     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠪᠠᠭ᠋ᠧᠨ ᠰᠤᠷᠪᠤᠯᠵᠢᠯᠠᠭᠴᠢ ᠳᠤ

ᠬᠡᠯᠡᠬᠦ ᠳᠡᠭᠡᠨ᠄ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠬᠦᠷᠴᠦ ᠢᠷᠡᠬᠦ ᠳᠤ᠂ ᠵᠠᠬ᠎ᠠ ᠳᠡᠯᠭᠡᠭᠦᠷ ᠤᠨ

ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ

ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠂ ᠨᠢᠭᠡ ᠳᠤ ᠭᠡᠷᠡᠴᠢ ᠦᠨᠡᠮᠯᠡᠯ ᠢ ᠴᠢᠩᠭ᠎ᠠ

ᠪᠠᠶᠢᠴᠠᠭᠠᠵᠤ᠂ ᠭᠡᠷᠡᠴᠢ ᠦᠨᠡᠮᠯᠡᠯ ᠦᠭᠡᠢ ᠪᠠᠷ ᠡᠵᠡᠩᠨᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ

ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠬᠤᠶᠠᠷ ᠲᠤ ᠳᠦᠷᠢᠮ ᠢ ᠴᠢᠩᠭ᠎ᠠ ᠪᠠᠶᠢᠴᠠᠭᠠᠵᠤ᠂ ᠢᠳᠡᠭᠡᠨ ᠤ

ᠵᠦᠢᠯ ᠤᠨ ᠡᠵᠡᠩᠨᠡᠯᠲᠡ ᠶᠢᠨ ᠨᠢᠭᠡᠴᠡ ᠶᠢ ᠰᠢᠪᠠᠳᠠᠵᠤ ᠪᠠᠶᠢᠭᠠᠳ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂

ᠭᠡᠷᠡᠴᠢ ᠪᠠᠷᠢᠮᠲᠠ ᠠᠪᠬᠤ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠳᠦᠷᠢᠮ ᠢ

ᠴᠢᠩᠭ᠎ᠠ ᠨᠠᠶᠢᠳᠠᠪᠤᠷᠢᠵᠢᠭᠤᠯᠤᠨ᠎ᠠ︔ ᠭᠤᠷᠪᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭ᠎ᠠ

ᠪᠠᠶᠢᠴᠠᠭᠠᠵᠤ᠂ ᠬᠦᠢᠲᠡᠨ ᠬᠡᠯᠬᠢᠶᠡᠲᠦ ᠢᠳᠡᠭᠡᠨ ᠤ ᠵᠦᠢᠯ ᠤᠨ ᠬᠦᠢᠲᠡᠨ ᠬᠡᠯᠬᠢᠶᠡᠲᠦ ᠪᠤᠰᠤ ᠢᠳᠡᠭᠡᠨ ᠢ ᠵᠠᠬ᠎ᠠ

ᠳᠡᠯᠭᠡᠭᠦᠷ ᠲᠤ ᠣᠷᠣᠭᠤᠯᠬᠤ ᠪᠣᠭᠤᠮᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠠᠯᠠᠪᠤᠷ ᠭᠠᠵᠠᠷ

᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠬᠥᠮᠥᠰ ᠤᠨ ᠣᠯᠠᠨ ᠴᠡᠭ ᠲᠤ ᠬᠢᠨᠠᠨ ᠬᠡᠮᠵᠢᠵᠦ

ᠤᠷᠢᠳᠴᠢᠯᠠᠨ ᠰᠡᠷᠡᠮᠵᠢᠯᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠬᠤ ᠶᠣᠰᠣᠲᠠᠢ ᠶᠢ ᠨᠢ ᠴᠥᠮ

ᠪᠠᠶᠢᠴᠠᠭᠠᠵᠤ᠂ ᠨᠢᠭᠡ ᠬᠥᠮᠥᠨ ᠨᠢᠭᠡ ᠪᠣᠳᠠᠰ ᠢ ᠴᠤ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ︔ ᠳᠥᠷᠪᠡ ᠳᠤ

ᠵᠠᠬ᠎ᠠ ᠳᠡᠯᠭᠡᠭᠦᠷ ᠤᠨ ᠦᠨ᠎ᠡ ᠬᠠᠩᠰᠢ   ᠶᠢ ᠴᠢᠩᠭ᠎ᠠ ᠪᠠᠶᠢᠴᠠᠭᠠᠵᠤ᠂ ᠪᠠᠶᠠᠷ ᠤᠨ ᠡᠳᠦᠷ ᠤᠨ ᠬᠡᠷᠡᠭᠯᠡᠭᠡᠨ ᠤ

ᠬᠡᠮᠵᠢᠶ᠎ᠡ ᠪᠠᠷ ᠨᠡᠯᠢᠶᠡᠳ ᠥᠨᠳᠥᠷ ᠪᠠᠶᠢᠭ᠎ᠠ ᠢᠳᠡᠭᠡᠨ ᠤ ᠦᠨ᠎ᠡ ᠬᠠᠩᠰᠢ   ᠶᠢᠨ ᠬᠢᠨᠠᠯᠲᠠ ᠬᠠᠮᠢᠶᠠᠷᠤᠯᠲᠠ   ᠶᠢ

ᠴᠢᠩᠭᠠᠳᠬᠠᠨ᠂ ᠪᠠᠷᠠᠭᠠᠨ ᠤ ᠦᠨ᠎ᠡ   ᠶᠢ ᠳᠦᠷᠭᠢᠯᠳᠦᠨ ᠥᠰᠬᠡᠬᠦ᠂ ᠬᠤᠪᠢ ᠪᠠᠷ ᠢᠶᠠᠨ ᠭᠠᠭᠴᠠᠭᠠᠷ ᠡᠵᠡᠮᠰᠢᠬᠦ᠂

ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠦᠨ᠎ᠡ ᠬᠠᠩᠰᠢ   ᠶᠢᠨ ᠮᠡᠬᠡᠯᠡᠯ ᠤᠨ ᠠᠵᠢᠯᠯᠠᠭ᠎ᠠ   ᠶᠢ ᠴᠠᠭ ᠲᠤᠬᠠᠢ

 ᠳᠤᠨᠢ ᠴᠤᠬᠢᠯᠳᠠ ᠦᠭᠭᠦᠨ᠎ᠡ᠃

     ᠣᠶᠢᠯᠠᠭᠠᠭᠰᠠᠨ ᠢᠶᠠᠷ᠂ ᠲᠤᠰᠬᠠᠢ ᠪᠠᠶᠢᠴᠠᠭᠠᠯᠲᠠ ᠶᠢᠨ ᠬᠤᠭᠤᠴᠠᠭᠠᠨ ᠳᠤ᠂ ᠲᠤᠰ ᠲᠣᠪᠴᠢᠶ᠎ᠠ ᠬᠢᠨᠠᠨ

ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ  ᠶᠢ

ᠴᠢᠩᠭ᠎ᠠ ᠵᠢᠷᠤᠮᠵᠢᠭᠤᠯᠵᠤ᠂ ︽ᠣᠭᠲᠣ ᠠᠭᠤᠴᠢᠯᠠᠬᠤ ᠦᠭᠡᠢ︾ ᠣᠪᠣᠷ ᠢᠶᠠᠷ ᠢᠳᠡᠭᠡᠨ ᠤ ᠵᠠᠬ᠎ᠠ ᠳᠡᠯᠭᠡᠭᠦᠷ ᠤᠨ

ᠬᠢᠨᠠᠯᠲᠠ ᠬᠠᠮᠢᠶᠠᠷᠤᠯᠲᠠ ᠶᠢᠨ ᠡᠷᠴᠢᠮ ᠪᠠ ᠲᠣᠭᠤᠷᠢᠨ ᠪᠠᠶᠢᠴᠠᠭᠠᠬᠤ ᠤᠳᠠᠭ᠎ᠠ ᠶᠢ ᠴᠢᠩᠭᠠᠷᠠᠭᠤᠯᠵᠤ᠂ ᠢᠳᠡᠭᠡᠨ ᠤ

ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠴᠠᠭ ᠲᠤᠬᠠᠢ ᠳᠤᠨᠢ ᠠᠰᠠᠭᠤᠳᠠᠯ ᠢ

ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠥᠷᠥᠯ ᠤᠨ ᠢᠳᠡᠭᠡᠨ ᠤ ᠠᠮᠤᠷ ᠲᠦᠪᠰᠢᠨ ᠤ ᠬᠡᠮ

ᠰᠣᠭᠤᠭ ᠢ ᠢᠳᠡᠪᠬᠢᠲᠡᠢ ᠪᠠᠷ ᠠᠷᠢᠯᠭᠠᠨ ᠠᠷᠢᠯᠭᠠᠵᠤ᠂ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ᠂

ᠬᠦᠷᠲᠡᠮᠵᠢ ᠶᠢᠨ ᠲᠥᠷᠥᠭᠳᠡᠯ ᠢ ᠦᠨᠡᠨᠬᠦ ᠨᠡᠮᠡᠭᠳᠡᠭᠦᠯᠦᠨ᠂ ᠪᠥᠬᠦ ᠬᠤᠲᠠ ᠶᠢᠨ ᠠᠷᠠᠳ ᠲᠦᠮᠡᠨ ᠳᠤ ᠠᠮᠤᠷ ᠲᠦᠪᠰᠢᠨ

ᠪᠥᠭᠡᠳ ᠰᠠᠨᠠᠭ᠎ᠠ ᠠᠮᠤᠷ ︽ᠬᠤᠶᠠᠷ ᠪᠠᠶᠠᠷ︾ ᠤᠨ ᠢᠳᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ

ᠥᠭᠬᠦ ᠬᠡᠷᠡᠭᠲᠡᠢ᠃ᠣᠲᠣ ᠪᠣᠯᠲᠠᠯ᠎ᠠ᠂ ᠲᠣᠰ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ 102 ᠬᠥᠮᠥᠨ ᠤᠳᠠᠭ᠎ᠠ

᠂ ᠢᠳᠡᠭᠡᠨ ᠤ ᠵᠦᠢᠯ ᠤᠨ ᠡᠵᠡᠩᠨᠡᠯᠲᠡ ᠶᠢᠨ ᠡᠷᠦᠬᠡ 23 ᠶᠢ ᠬᠥᠳᠡᠯᠭᠡᠵᠦ᠂ ᠪᠠᠶᠠᠷ ᠤᠨ ᠡᠳᠦᠷ ᠤᠨ

ᠬᠤᠭᠤᠴᠠᠭᠠᠨ ᠳᠠᠬᠢ ᠥᠷᠭᠡᠨ ᠣᠯᠠᠨ ᠠᠷᠠᠳ ᠲᠦᠮᠡᠨ ᠤ ᠢᠳᠡᠭᠡᠨ ᠤ ᠵᠦᠢᠯ ᠤᠨ ᠠᠮᠤᠷ ᠲᠦᠪᠰᠢᠨ ᠢ ᠪᠦᠲᠦᠮᠵᠢᠲᠡᠶ

ᠪᠠᠲᠤᠯᠠᠵᠤ ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号