ᠬᠤᠤᠯᠢᠩᠭᠤᠤᠯ ᠬᠤᠲᠠ ᠶᠢᠨ 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/1/12
ᠨᠢᠭᠡ᠂ ᠠᠬᠤᠢ ᠪᠠᠶᠢᠳᠠᠯ ᠤᠨ ᠪᠠᠶᠢᠳᠠᠯ   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ︵ᠥᠪᠥᠷ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ﹇2023﹈ 3 ᠳ᠋ᠤᠭᠠᠷ ᠲᠣᠭᠠᠲᠤ ︶ ᠪᠠ ︽ᠲᠦᠩᠯᠢᠶᠣᠣ ᠬᠤᠲᠠ ᠶᠢᠨ 2023 ᠣᠨ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ︵ᠲᠦᠩ ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ﹇2023﹈ 13 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠮᠠᠨ ᠤ ᠬᠤᠲᠠ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠡᠷᠡᠭᠵᠢᠭᠦᠯᠬᠦ ᠲᠥᠰᠥᠯ ᠢ ᠲᠤᠭᠳᠠᠭᠠᠪᠠ ᠬᠤᠶᠠᠷ᠂ ᠠᠵᠢᠯ ᠤᠨ ᠠᠷᠭ᠎ᠠ ᠬᠡᠮᠵᠢᠶ᠎ᠡ ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠢᠭᠡᠳᠦᠯᠲᠡᠢ ᠵᠢᠷᠤᠮᠵᠢᠭᠤᠯᠬᠤ ᠬᠡᠷᠡᠭᠲᠡᠢ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ  ︶ ᠶᠢ ︽ᠠᠷᠪᠠ ᠶᠢ ᠪᠣᠳᠠᠲᠠᠶᠢᠵᠢᠭᠤᠯᠬᠤ︾ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠤᠨ᠎ᠠ᠃ ︵ᠬᠤᠶᠠᠷ︶ ᠦᠢᠯᠡᠴᠢᠯᠡᠭᠡᠨ ᠤ ᠵᠦᠢᠯᠡᠰ ᠢ ᠨᠢᠭᠡᠳᠦᠯᠲᠡᠢ ᠵᠢᠷᠤᠮᠵᠢᠭᠤᠯᠤᠨ᠎ᠠ    ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ︽ᠴᠢᠯᠦᠭᠡᠲᠡᠢ ᠲᠠᠯᠪᠢᠵᠤ ᠪᠣᠯᠬᠤ ᠶᠢ ᠵᠠᠪᠠᠯ ᠴᠢᠯᠦᠭᠡᠲᠡᠢ ᠲᠠᠯᠪᠢᠬᠤ᠂ ᠴᠢᠯᠦᠭᠡᠲᠡᠢ ᠲᠠᠯᠪᠢᠬᠤ ᠶᠣᠰᠣᠲᠠᠢ ᠶᠢ ᠨᠢ ᠪᠦᠬᠦᠨ ᠢ ᠴᠢᠯᠦᠭᠡᠲᠡᠢ ᠲᠠᠯᠪᠢᠬᠤ︾ ᠵᠠᠷᠴᠢᠮ ᠶᠣᠰᠣᠭᠠᠷ᠂ ᠡᠷᠬᠡ ᠣᠯᠭᠤᠵᠤ ᠰᠤᠮᠤ ︵ᠵᠡᠭᠡᠯᠢ ᠭᠤᠳᠤᠮᠵᠢ︶ ᠪᠣᠯᠣᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ  ︶ ᠳᠤ ᠨᠠᠶᠢᠳᠠᠵᠤ ᠳᠣᠣᠷᠠᠬᠢ ᠮᠡᠲᠦ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ ᠭᠤᠷᠪᠠ᠂ ᠬᠠᠷᠠᠯᠲᠠ ᠶᠢᠨ ᠡᠭᠦᠷᠭᠡ    ᠰᠤᠮᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ  ︶ ᠶᠢ ᠪᠠᠶᠢᠭᠤᠯᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ 2023 ᠣᠨ ᠳᠤ᠂ ︽ᠠᠷᠪᠠ ᠶᠢ ᠪᠣᠳᠠᠲᠠᠶᠢᠵᠢᠭᠤᠯᠬᠤ︾ ᠪᠠᠷᠢᠮᠵᠢᠶ᠎ᠠ ᠶᠣᠰᠣᠭᠠᠷ ᠰᠤᠮᠤ᠂ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ 5᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ  ᠢ 23 ᠪᠠᠶᠢᠭᠤᠯᠵᠤ᠂ ᠡᠨᠡ ᠵᠢᠯ ᠤᠨ ᠰᠡᠭᠦᠯᠴᠢ ᠠᠴᠠ ᠡᠮᠦᠨ᠎ᠡ ᠰᠤᠮᠤ᠂ ᠵᠡᠭᠡᠯᠢ ᠭᠤᠳᠤᠮᠵᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠠᠷᠢᠮᠵᠢᠶᠠᠵᠢᠭᠤᠯᠤᠯᠲᠠ ᠶᠢᠨ ᠨᠣᠷᠮ᠎ᠠ ᠶᠢ 100% ᠳᠤ ᠬᠦᠷᠭᠡᠨ᠎ᠡ᠃ ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ   ︵ᠨᠢᠭᠡ︶ ᠳᠠᠶᠢᠴᠢᠯᠠᠨ ᠪᠠᠶᠢᠷᠢᠯᠠᠭᠤᠯᠬᠤ ︵2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ︽ᠬᠡᠷᠡᠭᠵᠢᠭᠦᠯᠬᠦ ᠲᠥᠰᠥᠯ︾ ᠢ ᠲᠣᠭᠲᠠᠭᠠᠨ ᠲᠠᠷᠬᠠᠭᠠᠵᠤ᠂ ᠬᠠᠷᠠᠯᠲᠠ ᠶᠢᠨ ᠡᠭᠦᠷᠭᠡ᠂ ᠪᠦᠲᠦᠭᠡᠨ ᠪᠠᠶᠢᠭᠤᠯᠬᠤ ᠪᠠᠷᠢᠮᠵᠢᠶ᠎ᠠ᠂ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ᠎ᠠ᠃ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠭᠠᠷᠲᠠᠨ ᠭᠦᠢᠴᠡᠳᠬᠡᠬᠦ ᠪᠠᠶᠢᠭᠤᠯᠤᠮᠵᠢ᠂ ᠰᠤᠮᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠪᠣᠳᠠᠲᠠᠢ ᠲᠠᠢ ᠪᠠᠨ ᠤᠶᠠᠯᠳᠤᠭᠤᠯᠤᠨ᠂ ᠡᠭᠦᠷᠭᠡ ᠪᠠᠨ ᠵᠠᠳᠠᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ  ︶ ᠶᠢᠨ ᠪᠦᠲᠦᠭᠡᠨ ᠪᠠᠶᠢᠭᠤᠯᠤᠯᠲᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠠᠵᠢᠯ ᠢ ᠠᠬᠢᠭᠤᠯᠬᠤ ᠡᠬᠡ ᠲᠠᠩᠰᠠ ᠪᠠᠶᠢᠭᠤᠯᠬᠤ ᠬᠡᠷᠡᠭᠲᠡᠢ᠃   ︵ᠬᠤᠶᠠᠷ︶ ᠨᠢᠭᠡᠳᠦᠯᠲᠡᠢ ᠲᠥᠯᠥᠪᠯᠡᠨ ᠠᠬᠢᠭᠤᠯᠤᠨ᠎ᠠ ︵6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠠᠵᠢᠯ ᠤᠨ ᠲᠣᠬᠢᠷᠠᠭᠤᠯᠤᠯᠲᠠ ᠶᠣᠰᠣᠭᠠᠷ᠂ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠫᠠᠶᠢᠰᠠ ᠡᠯᠭᠦᠨ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠤᠨ ᠬᠠᠷᠠᠯᠲᠠ ᠶᠢᠨ ᠡᠭᠦᠷᠭᠡ ᠪᠠᠨ ᠪᠦᠬᠦᠨ ᠢ ᠪᠡᠶᠡᠯᠡᠭᠦᠯᠦᠨ᠎ᠡ᠃ ᠠᠵᠢᠯ ᠤᠨ ᠤᠳᠤᠷᠢᠳᠬᠤ ᠳᠤᠭᠤᠶᠢᠯᠠᠩ ᠨᠢ ᠰᠤᠮᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ  ︶ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠶᠢᠨ ᠬᠠᠮᠲᠤ᠂ ᠠᠵᠢᠯ ᠤᠨ ᠦᠷ᠎ᠡ ᠪᠦᠲᠦᠮᠵᠢ ᠶᠢ ᠴᠠᠭ ᠲᠤᠨᠢ ᠲᠣᠬᠢᠷᠠᠭᠤᠯᠤᠨ ᠰᠢᠯᠭᠠᠨ ᠪᠠᠶᠢᠴᠠᠭᠠᠨ᠎ᠠ᠃ ᠲᠦᠩᠯᠢᠶᠣᠣ ᠬᠤᠲᠠ ᠶᠢᠨ  ᠬᠢᠨ ᠬᠤᠶᠠᠳᠤᠭᠠᠷ ᠤᠯᠠᠷᠢᠯ ᠠᠴᠠ ᠡᠬᠢᠯᠡᠨ ᠬᠤᠰᠢᠭᠤ ᠰᠢᠶᠠᠨ ᠬᠤᠲᠠ ᠲᠣᠭᠤᠷᠢᠭ ᠤᠨ ᠫᠠᠶᠢᠰᠠ ᠡᠯᠭᠦᠭᠰᠡᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ  ︶ ᠳᠤ ᠰᠤᠭᠤᠴᠢᠨ ᠪᠠᠶᠢᠴᠠᠭᠠᠯᠲᠠ ᠬᠢᠨ᠎ᠡ᠃    ︵ᠭᠤᠷᠪᠠ︶ ᠶᠡᠷᠦᠩᠬᠡᠢ ᠳᠤᠨᠢ ᠰᠢᠯᠭᠠᠨ ᠠᠪᠬᠤ ︵9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠲᠦᠩᠯᠢᠶᠣᠣ ᠬᠤᠲᠠ 9 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠬᠤᠲᠠ ᠶᠢᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ  ︶ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠶᠡᠷᠦᠩᠬᠡᠢ ᠳᠤᠨᠢ ᠰᠢᠯᠭᠠᠨ ᠠᠪᠬᠤ ᠶᠢᠨ ᠬᠠᠮᠲᠤ ᠵᠠᠷᠯᠠᠨ ᠮᠡᠳᠡᠭᠳᠡᠵᠦ᠂ ᠮᠠᠨ ᠤ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢᠶᠠᠨ ᠳᠡᠭᠡᠭᠰᠢ ᠮᠡᠳᠡᠭᠦᠯᠬᠦ ᠠᠵᠢᠯ ᠢᠶᠠᠨ ᠰᠠᠶᠢᠲᠤᠷ ᠬᠢᠪᠡ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号