ᠮᠦᠰᠦᠳᠠᠢ ᠵᠡᠭᠡᠯᠢ ᠭᠤᠳᠤᠮᠵᠢ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠠᠷ ᠬᠥᠲᠥᠯᠥᠨ ᠳᠠᠭᠠᠭᠤᠯᠵᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/1/31
    ︽ᠬᠤᠶᠠᠷ ᠬᠤᠷᠠᠯ︾ ᠬᠤᠷᠠᠯᠳᠤᠭᠰᠠᠨ ᠤ ᠳᠠᠷᠠᠭ᠎ᠠ᠂ ᠮᠤᠰᠲᠠᠶ ᠶᠢᠨ ᠵᠡᠭᠡᠯᠢ ᠭᠤᠳᠤᠮᠵᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠤᠭ ᠤᠨ ᠲᠡᠷᠢᠭᠦᠨ ᠳᠤ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠡᠭᠡᠯᠢ ᠭᠤᠳᠤᠮᠵᠢ ᠶᠢᠨ ᠠᠵᠢᠯ ᠢ ᠪᠥᠬᠦ ᠬᠦᠴᠦᠨ ᠢᠶᠠᠷ ᠢᠶᠠᠨ ᠲᠥᠯᠥᠪᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ ᠳᠤᠮᠳᠠ ᠪᠣᠳᠠᠲᠠᠢ ᠠᠷᠭ᠎ᠠ ᠬᠡᠮᠵᠢᠶ᠎ᠡ ᠠᠪᠴᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠡᠭᠡᠯᠢ ᠭᠤᠳᠤᠮᠵᠢ ᠳᠤ ᠦᠨᠳᠦᠰᠦᠯᠡᠭᠦᠯᠦᠨ᠂ ᠡᠯᠪᠡᠭ ᠦᠷ᠎ᠡ ᠪᠦᠲᠦᠭᠡᠯ ᠭᠠᠷᠭᠠᠬᠤ ᠶᠢ ᠦᠨᠡᠨ ᠬᠦ ᠪᠠᠲᠤᠯᠠᠪᠠ᠃

   ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ᠨᠠᠮ ᠤᠨ ᠬᠤᠷᠢᠳᠤᠭᠠᠷ

ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠡᠯ᠎ᠡ ᠨᠠᠮ ᠤᠨ ᠵᠣᠬᠢᠶᠠᠨ

ᠪᠠᠶᠢᠭᠤᠯᠤᠯᠲᠠ ᠶᠢᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠡᠭᠡᠯᠢ ᠭᠤᠳᠤᠮᠵᠢ ᠶᠢᠨ ᠨᠠᠮ ᠤᠨ

ᠪᠠᠶᠢᠭᠤᠯᠤᠯᠲᠠ ᠶᠢᠨ ᠲᠦᠷᠦᠯ ᠲᠡᠮᠳᠡᠭ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠡᠭᠡᠯᠢ ᠭᠤᠳᠤᠮᠵᠢ ᠶᠢᠨ

ᠠᠵᠢᠯ ᠤᠨ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ᠰᠢᠨ᠎ᠡ ᠪᠠᠶᠢᠳᠠᠯ᠂ ᠰᠢᠨ᠎ᠡ ᠬᠤᠪᠢᠷᠠᠯᠲᠠ ᠶᠢᠨ

ᠡᠮᠦᠨ᠎ᠡ᠂ ᠲᠤᠰ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠲᠤᠤᠷᠴᠢᠯᠠᠭᠰᠠᠨ ᠵᠠᠰᠠᠯᠲᠠ ᠶᠢ

ᠬᠥᠲᠥᠯᠥᠨ ᠳᠠᠭᠠᠭᠤᠯᠵᠤ᠂ ᠬᠠᠷᠢᠶ᠎ᠠ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠠᠷᠢᠶ᠎ᠠ ᠣᠷᠣᠨ ᠤ ᠡᠬᠢ

ᠪᠠᠶᠠᠯᠢᠭ ᠤᠨ ᠳᠠᠪᠠᠭᠤᠯᠢᠭ ᠢ ᠨᠡᠶᠢᠳᠬᠡᠵᠦ᠂︽ᠨᠠᠮ ᠤᠨ ᠪᠠᠶᠢᠭᠤᠯᠤᠯᠲᠠ ᠶᠢ ᠬᠠᠮᠲᠤᠪᠠᠷ ᠠᠭᠤᠰᠤᠯᠴᠠᠭᠤᠯᠬᠤ︾ ᠪᠠᠷ

ᠲᠣᠯᠣᠭᠠᠶᠢᠯᠠᠭᠤᠯᠵᠤ᠂ ᠬᠠᠷᠢᠶ᠎ᠠ ᠣᠷᠣᠨ ᠤ ᠵᠠᠰᠠᠭ ᠵᠠᠬᠢᠷᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ

ᠠᠭᠤᠰᠤᠯᠴᠠᠭᠤᠯᠵᠤ᠂ ᠰᠣᠶᠣᠯ ᠲᠠᠮᠢᠷ ᠤᠨ ᠠᠵᠢᠯᠯᠠᠭ᠎ᠠ᠂ ᠵᠥᠷᠢᠴᠡᠯ ᠢ ᠨᠠᠮᠳᠠᠭᠤᠯᠬᠤ᠂ ᠰᠠᠶᠢᠨ ᠳᠤᠷ᠎ᠠ ᠶᠢᠨ

ᠦᠢᠯᠡᠴᠢᠯᠡᠭᠡ ᠵᠡᠷᠭᠡ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ

ᠥᠭᠬᠦ︾ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠬᠠᠮᠲᠤᠪᠠᠷ ᠰᠠᠭᠤᠵᠤ ᠬᠠᠮᠲᠤᠪᠠᠷ

ᠪᠠᠶᠢᠭᠤᠯᠬᠤ ᠬᠠᠮᠵᠢᠯᠴᠠᠭᠠᠨ ᠤ ᠬᠤᠯᠪᠣᠭᠠᠲᠤ ᠴᠣᠭᠴᠠ︾ ᠶᠢ ᠪᠦᠷᠢᠯᠳᠦᠭᠦᠯᠵᠡᠢ᠃

   ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠵᠢ‌ᠦᠨᠳᠦᠰᠦᠨ ᠱᠠᠲᠤᠨ ᠤ ᠵᠠᠰᠠᠯᠲᠠ ᠶᠢᠨ ᠵᠣᠬᠢᠶᠠᠨ

ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᡁᠸ ᠳ᠋ᠦᠩ ᠰᠢᠨ᠎ᠡ ᠲᠣᠭᠤᠷᠢᠭ ᠤᠨ ᠰᠢᠨ᠎ᠡ ᠨᠡᠶᠢᠭᠡᠮ

ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠲᠥᠬᠦᠭᠡᠷᠦᠮᠵᠢ ᠶᠢ ᠪᠦᠷᠢᠨ

ᠲᠣᠬᠢᠷᠠᠭᠤᠯᠵᠤ᠂ ᠠᠵᠢᠯᠲᠠᠨ ᠢ ᠴᠢᠩᠭ᠎ᠠ ᠲᠣᠬᠢᠷᠠᠭᠤᠯᠵᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢᠨ

ᠲᠦᠪᠰᠢᠨ ᠢ ᠳᠡᠭᠡᠭᠰᠢᠯᠡᠭᠦᠯᠦᠨ᠎ᠡ᠃ᠰᠦᠯᠵᠢᠶᠡᠨ ᠤ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂

ᠡᠭᠦᠷᠭᠡ ᠬᠠᠷᠢᠭᠤᠴᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠷᠢᠮᠵᠢᠶᠠᠯᠠᠨ᠂ ︽ᠣᠷᠣᠭᠤᠯᠵᠤ ᠢᠷᠡᠬᠦ᠂ ᠭᠠᠷᠴᠤ

ᠶᠠᠪᠤᠬᠤ︾ ᠵᠡᠷᠭᠡ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠤ ᠠᠵᠢᠯᠲᠠᠨ ᠤ ᠲᠤᠰᠬᠠᠢ ᠪᠣᠯᠪᠠᠰᠤᠷᠠᠭᠤᠯᠤᠯ ᠢ

ᠥᠷᠨᠢᠭᠦᠯᠵᠦ᠂ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃︽ᠪᠠᠭ᠎ᠠ ᠵᠣᠭᠤᠰ ᠢᠶᠠᠷ ᠶᠡᠭᠡ

ᠶᠠᠪᠤᠳᠠᠯ ᠪᠦᠲᠦᠭᠡᠬᠦ︾ ᠣᠶᠢᠯᠠᠭᠠᠭᠳᠠᠬᠤᠨ ᠢ ᠪᠠᠷᠢᠮᠲᠠᠯᠠᠨ᠂ ᠪᠣᠳᠠᠲᠠᠢ ᠠᠰᠠᠭᠤᠳᠠᠯ ᠠᠴᠠ ᠡᠭᠦᠰᠦᠨ᠂ ᠦᠨᠳᠦᠰᠦᠨ

ᠱᠠᠲᠤᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠵᠦ᠂

ᠦᠨᠳᠦᠰᠦᠨ ᠱᠠᠲᠤᠨ ᠤ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ᠡᠭᠦᠨ ᠤ

ᠵᠡᠷᠭᠡ ᠳᠤ᠂ ᠵᠥᠷᠢᠴᠡᠯ ᠵᠢᠭᠤᠷᠠᠯᠳᠤᠭᠠᠨ   ᠢ ᠠᠷᠢᠯᠭᠠᠬᠤ ᠪᠠ ᠰᠦᠯᠵᠢᠶᠡᠨ ᠤ ᠰᠢᠰᠲ᠋ᠧᠮ   ᠢ ᠠᠭᠤᠰᠤᠯᠴᠠᠭᠤᠯᠤᠨ᠂

ᠳᠣᠲᠣᠭᠠᠳᠤ   ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠤᠷᠭᠠᠨ ᠵᠡᠷᠭᠡ ᠲᠤᠰᠬᠠᠢ ᠠᠵᠢᠯ ᠲᠥᠷᠥᠯ ᠤᠨ ᠰᠠᠯᠠᠭ᠎ᠠ

ᠮᠥᠴᠢᠷ ᠤᠨ ᠡᠬᠢ ᠪᠠᠶᠠᠯᠢᠭ   ᠢ ᠡᠮᠬᠢᠯᠡᠨ ᠨᠡᠶᠢᠯᠡᠭᠦᠯᠵᠦ᠂ ᠵᠡᠭᠡᠯᠢ ᠲᠣᠭᠤᠷᠢᠭ ᠤᠨ ︽ᠨᠢᠭᠡ ᠥᠷᠲᠡᠭᠡ ᠮᠠᠶ᠋ᠢᠭ︾ ᠤᠨ

ᠣᠯᠠᠨ ᠡᠰᠢᠲᠦ ᠵᠥᠷᠢᠴᠡᠯ ᠵᠢᠭᠤᠷᠠᠯᠳᠤᠭᠠᠨ   ᠢ ᠠᠷᠢᠯᠭᠠᠬᠤ ᠦᠢᠯᠡᠴᠢᠯᠡᠭᠡᠨ ᠤ ᠲᠥᠪ ᠤᠨ ᠦᠢᠯᠡᠳᠦᠯ   ᠢ

ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ   ᠢ

ᠪᠦᠲᠦᠮᠵᠢᠲᠡᠶ ᠬᠠᠮᠠᠭᠠᠯᠠᠪᠠ᠃

   ᠠᠷᠠᠳ ᠤᠨ ᠠᠮᠢᠳᠤᠷᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠨ᠎ᠡ᠃︽ᠶᠡᠷᠦᠩᠬᠡᠶᠢᠯᠡᠭᠰᠡᠨ ᠴᠣᠩᠬᠤᠪᠴᠢ︾

 ᠶᠢᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠤᠨ᠂ ︽ᠬᠠᠪᠰᠤᠷᠤᠨ ᠣᠷᠣᠯᠠᠨ ᠭᠦᠢᠴᠡᠳᠬᠡᠬᠦ︾ ︽ᠣᠶᠢᠷ᠎ᠠ

ᠬᠠᠪᠢ ᠳᠤᠨᠢ ᠭᠦᠢᠴᠡᠳᠬᠡᠬᠦ︾ ᠶᠢ ᠢᠳᠡᠪᠬᠢᠲᠡᠢ ᠬᠡᠷᠡᠭᠵᠢᠭᠦᠯᠵᠦ᠂ ᠦᠢᠯᠡᠴᠢᠯᠡᠭᠡᠨ ᠤ ᠨᠠᠷᠢᠨ ᠵᠦᠢᠯᠡᠰ ᠢ

ᠰᠢᠯᠢᠳᠡᠭᠵᠢᠭᠦᠯᠦᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ

ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ᠨᠡᠶᠢᠭᠡᠮ ᠲᠣᠭᠤᠷᠢᠭ ᠤᠨ ᠨᠠᠰᠤᠵᠢᠯ ᠤᠨ

ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂

ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠨᠠᠰᠤᠲᠠᠶᠢᠴᠤᠳ ᠲᠤ

ᠦᠢᠯᠡᠴᠢᠯᠡᠬᠦ ᠲᠥᠷᠥᠯ ᠵᠦᠢᠯ ᠢ ᠭᠦᠨᠵᠡᠭᠡᠢ ᠠᠬᠢᠭᠤᠯᠵᠤ᠂ ᠨᠡᠶᠢᠭᠡᠮ ᠲᠣᠭᠤᠷᠢᠭ ᠤᠨ ᠳᠥᠷᠪᠡᠳᠦᠭᠡᠷ ᠠᠰᠠᠷ ᠢ

ᠬᠥᠭᠵᠢᠭᠦᠯᠦᠨ ᠮᠠᠨᠳᠤᠭᠤᠯᠬᠤ ᠶᠠᠪᠤᠳᠠᠯ ᠢ ᠨᠡᠶᠢᠭᠡᠮ ᠲᠣᠭᠤᠷᠢᠭ ᠪᠠ ᠮᠢᠩ ᠱᠧᠩ ᠨᠡᠶᠢᠭᠡᠮ ᠲᠣᠭᠤᠷᠢᠭ ᠢ

ᠬᠠᠮᠤᠷᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠣᠯᠭᠠᠨ ᠪᠦᠲᠦᠭᠡᠨ

ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢ ︽ᠨᠠᠰᠤᠲᠠᠶᠢᠴᠤᠳ ᠢ ᠡᠳ᠋ᠯᠡᠭᠦᠯᠬᠦ︾ ᠪᠣᠯᠭᠠᠨ᠎ᠠ᠃ᠠᠳᠠᠯ ᠠᠬᠤᠢ ᠶᠢ

ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠤᠰᠬᠠᠶᠢᠵᠢᠭᠰᠠᠨ ᠠᠳᠠᠯ ᠠᠬᠤᠢ ᠶᠢᠨ

ᠬᠠᠮᠢᠶᠠᠷᠤᠯᠲᠠ ᠶᠢᠨ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠣᠨ ᠤ ᠰᠢᠯᠭᠠᠨ ᠬᠢᠨᠠᠬᠤ ᠶᠢ ᠲᠠᠰᠤᠷᠠᠯᠲᠠ ᠦᠭᠡᠢ

ᠴᠢᠩᠭᠠᠳᠬᠠᠨ᠂ ᠲᠤᠰᠬᠠᠶᠢᠵᠢᠭᠰᠠᠨ ᠠᠳᠠᠯ ᠠᠬᠤᠢ ᠶᠢᠨ ᠵᠢᠵᠢᠭ ᠲᠣᠭᠤᠷᠢᠭ ᠤᠨ ᠠᠳᠠᠯ ᠠᠬᠤᠢ ᠳᠤ ᠣᠷᠣᠵᠤ

ᠰᠠᠭᠤᠬᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠵᠦ᠂ ᠥᠮᠴᠢᠲᠡᠨ ᠤ ᠵᠥᠪᠯᠡᠯ ᠪᠠ

ᠪᠣᠳᠠᠰ ᠤᠨ ᠬᠠᠮᠢᠶᠠᠷᠤᠯᠲᠠ ᠶᠢᠨ ᠵᠥᠪᠯᠡᠯ ᠤᠨ ᠵᠣᠬᠢᠴᠠᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂

ᠬᠤᠪᠢᠰᠬᠠᠯ ᠤᠨ ᠠᠳᠠᠯ ᠠᠬᠤᠢ ᠪᠠ ᠪᠣᠬᠢᠷᠳᠤᠯ ᠦᠭᠡᠢ ᠨᠡᠶᠢᠭᠡᠮ ᠲᠣᠭᠤᠷᠢᠭ ᠤᠨ ᠵᠢᠱᠢᠶ᠎ᠡ ᠦᠵᠡᠭᠦᠯᠦᠨ ᠬᠥᠲᠥᠯᠥᠨ

ᠳᠠᠭᠠᠭᠤᠯᠬᠤ ᠶᠢ ᠢᠳᠡᠪᠬᠢᠲᠡᠢ ᠰᠠᠶᠢᠲᠤᠷ ᠬᠢᠪᠡ᠃

   ᠠᠶᠤᠯᠭᠦᠢ ᠦᠢᠯᠡᠳᠪᠦᠷᠢᠯᠡᠯ ᠤᠨ ᠬᠦᠴᠦᠨ ᠴᠢᠳᠠᠪᠤᠷᠢ ᠶᠢ ᠪᠠᠬᠢᠵᠢᠭᠦᠯᠦᠨ᠎ᠡ᠃ᠠᠮᠤᠷ ᠲᠦᠪᠰᠢᠨ

ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠪᠣᠯᠣᠨ ᠬᠠᠮᠢᠶ᠎ᠠ

ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠠᠮᠢᠶ᠎ᠠ

ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ

 ᠶᠢ ᠰᠢᠯᠢᠳᠡᠭᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠨᠢᠭᠡ ᠠᠩᠭᠢ ᠨᠢᠭᠡ ᠲᠥᠪ᠂ ᠢᠳᠡᠭᠡᠨ ᠤ ᠠᠮᠤᠷ

ᠲᠦᠪᠰᠢᠨ ᠤ ᠳᠠᠭᠠᠳᠬᠠᠯ ᠢ ᠳᠠᠭᠠᠭᠠᠴᠢᠯᠠᠬᠤ ᠺᠠᠳ᠋ᠷ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ

ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠲᠠᠮᠠᠬᠠᠢ ᠬᠡᠢ ᠶᠢᠨ ᠬᠡᠷᠡᠭᠯᠡᠯᠲᠡ᠂ ᠥᠪᠡᠰᠦᠪᠡᠨ ᠭᠡᠷ ᠪᠠᠷᠢᠬᠤ ᠪᠠ

ᠶᠢᠰᠦᠨ ᠵᠢᠵᠢᠭ ᠲᠠᠯᠠᠪᠤᠷ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠡᠮ ᠰᠣᠭᠤᠭ ᠢ

ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠬᠢᠭᠡᠳ ︽ᠠᠯᠠᠭᠠᠨ

ᠳᠡᠭᠡᠷᠡᠬᠢ ᠮᠦᠰᠦᠳᠠᠢ︾ ᠲᠠᠪᠴᠠᠩ ᠤᠨ ᠲᠣᠮᠣ ᠳ᠋ᠠᠶᠢᠲ᠋ᠠ ᠶᠢᠨ ᠠᠭᠤᠰᠤᠯᠴᠠᠯ ᠢ ᠢᠳᠡᠪᠬᠢᠲᠡᠢ ᠪᠠᠷ ᠬᠠᠶᠢᠨ

ᠰᠦᠪᠡᠭᠴᠢᠯᠡᠵᠦ᠂ ᠬᠠᠮᠢᠶ᠎ᠠ ᠪᠦᠬᠦᠢ ᠬᠡᠮ ᠰᠣᠭᠤᠭ ᠢ ᠴᠠᠭ ᠲᠤᠬᠠᠢ ᠳᠤᠨᠢ ᠳᠠᠭᠠᠵᠤ ᠰᠢᠢᠳᠪᠦᠷᠢᠯᠡᠨ᠂ ᠠᠶᠤᠯ ᠦᠭᠡᠢ

ᠦᠢᠯᠡᠳᠪᠦᠷᠢᠯᠡᠯ ᠤᠨ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号