ᠰᠤᠷᠪᠤᠯᠵᠢᠯᠠᠭᠰᠠᠨ ᠴᠠᠭ᠄ | 2022-10-18 | ᠰᠤᠷᠪᠤᠯᠵᠢᠯᠠᠭᠰᠠᠨ ᠵᠣᠴᠢᠨ᠄ | ᠯᠢᠦ ᠭᠤᠸᠠᠩ ᠵᠢᠶ᠋ᠧ | ᠲᠣᠪᠴᠢᠯᠠᠯ᠄ | ᠥᠨᠥᠳᠥᠷ ᠪᠢᠳᠡ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠤᠯᠢᠩᠭᠤᠤᠯ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ | ᠭᠤᠸᠠᠩ ᠵᠢᠶᠧ ᠶᠢ ᠤᠷᠢᠵᠤ ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠷᠣᠯᠴᠠᠭᠤᠯᠵᠠᠢ᠃ | ᠬᠤᠤᠯᠢᠩᠭᠤᠤᠯ ᠬᠤᠲᠠ ᠶᠢᠨ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠬᠦ ᠶᠢ ᠪᠢᠳᠡᠨ ᠳᠤ ᠲᠠᠶᠢᠯᠪᠤᠷᠢᠯᠠᠵᠤ ᠥᠭᠭᠦᠶ᠎ᠡ᠃ | ᠬᠥᠲᠥᠯᠥᠭᠴᠢ᠄ | ᠰᠣᠨᠣᠰᠤᠭᠴᠢᠳ ᠡ᠂ ᠬᠤᠳᠠ ᠶᠢᠨ ᠠᠷᠠᠳ ᠨᠠᠶᠢᠵᠢ ᠨᠠᠷ ᠡ᠂ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ | ᠲᠤᠰ ᠬᠤᠭᠤᠴᠠᠭᠠᠨ ᠤ ︽ᠬᠤᠤᠯᠢᠩᠭᠤᠤᠯ︾ ᠢ ᠬᠦᠯᠢᠶᠡᠨ ᠠᠪᠴᠤ ᠰᠣᠨᠣᠰᠬᠤ ᠶᠢ ᠪᠠᠶᠠᠷᠯᠠᠨ ᠤᠭᠲᠤᠵᠤ ᠪᠠᠶᠢᠨ᠎ᠠ᠃ | ᠥᠨᠥᠳᠥᠷ ᠪᠢᠳᠡ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠤᠯᠢᠩᠭᠤᠤᠯ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ | ᠭᠤᠸᠠᠩ ᠵᠢᠶᠧ ᠶᠢ ᠤᠷᠢᠵᠤ ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠷᠣᠯᠴᠠᠭᠤᠯᠵᠠᠢ᠃ ᠭᠠᠶᠢᠯᠢ | ᠲᠠᠲᠠᠪᠤᠷᠢ ᠪᠣᠯ ᠪᠢᠳᠡᠨ ᠤ ᠬᠥᠮᠥᠨ ᠨᠢᠭᠡᠪᠦᠷᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠂ ᠡᠨᠡᠬᠦ ᠣᠨᠴᠠᠭᠠᠶ | ᠡᠭᠦᠷᠭᠡ ᠬᠠᠷᠢᠭᠤᠴᠠᠯᠭ᠎ᠠ ᠲᠠᠢ ᠰᠠᠷ᠎ᠠ ᠳᠤ᠂ ᠪᠢᠳᠡ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠬᠤᠤᠯᠢᠩᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ | ᠱᠦᠵᠢ᠂ ᠲᠣᠪᠴᠢᠶᠠᠨ ᠳᠠᠷᠤᠭ᠎ᠠ ᠯᠢᠦ ᠭᠤᠸᠠᠩ ᠵᠢᠶᠧ ᠶᠢ ᠤᠷᠢᠵᠤ᠂ ᠲᠡᠭᠦᠨ ᠢᠶᠠᠷ ᠪᠢᠳᠡᠨ ᠳᠤ ᠬᠠᠮᠢᠶ᠎ᠠ ᠪᠦᠬᠦᠢ | ᠮᠡᠳᠡᠯᠭᠡ ᠶᠢᠨ ᠬᠠᠷᠢᠭᠤᠯᠲᠠ ᠬᠢᠯᠭᠡᠪᠡ᠂ ᠯᠢᠦ ᠲᠣᠪᠴᠢᠶᠠᠨ ᠳᠠᠷᠤᠭ᠎ᠠ ᠲᠠ ᠰᠠᠶᠢᠨ ᠤᠤ︖ | ᠯᠢᠦ ᠭᠤᠸᠠᠩ ᠵᠢᠶᠧ ︔ | ᠬᠥᠲᠥᠯᠥᠭᠴᠢ᠄ ᠰᠠᠶᠢᠨ᠃ ᠲᠧᠯᠸᠢᠰ ᠤᠨ ᠡᠮᠦᠨᠡᠬᠢ ᠦᠵᠡᠭᠴᠢᠳ ᠨᠠᠶᠢᠵᠠ ᠨᠠᠷ ᠰᠠᠶᠢᠨ ᠪᠠᠶᠢᠵᠠᠭᠠᠨ᠎ᠠ ᠤᠤ︖ | ᠬᠥᠲᠥᠯᠥᠭᠴᠢ᠄ | ᠮᠠᠨ ᠤ ᠫᠷᠣᠭ᠍ᠷᠠᠮ ᠳᠤ ᠢᠷᠡᠭᠰᠡᠨ ᠢ ᠴᠢᠨᠢ ᠪᠠᠶᠠᠷᠯᠠᠨ ᠤᠭᠲᠤᠵᠤ ᠪᠠᠶᠢᠨ᠎ᠠ᠂ ᠭᠠᠶᠢᠯᠢ ᠲᠠᠲᠠᠪᠤᠷᠢ ᠶᠢᠨ | ᠠᠰᠠᠭᠤᠳᠠᠯ ᠤᠨ ᠲᠤᠬᠠᠢ᠂ ᠮᠠᠨ ᠤ ᠲᠧᠯᠸᠢᠰ ᠤᠨ ᠡᠮᠦᠨᠡᠬᠢ ᠦᠵᠡᠭᠴᠢᠳ ᠨᠠᠶᠢᠵᠠ ᠨᠠᠷ ᠲᠤ ᠮᠠᠰᠢ ᠣᠯᠠᠨ | ᠣᠶᠢᠯᠠᠭᠠᠬᠤ ᠦᠭᠡᠢ ᠠᠰᠠᠭᠤᠳᠠᠯ ᠪᠠᠶᠢᠨ᠎ᠠ᠂ ᠮᠢᠨᠤ ᠮᠡᠳᠡᠬᠦ ᠭᠡᠵᠦ ᠪᠠᠶᠢᠭ᠎ᠠ ᠵᠦᠢᠯ ᠭᠡᠪᠡᠯ᠂ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠤᠬᠠᠭᠤᠯᠤᠨ ᠲᠠᠶᠢᠯᠪᠤᠷᠢᠯᠠᠬᠤ ᠰᠠᠷ᠎ᠠ ᠳᠤ | ᠮᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠠᠮᠠᠷ ᠶᠠᠮᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠣᠶ︖ | | ᠯᠢᠦ ᠭᠤᠸᠠᠩ ᠵᠢᠶᠧ | ᠲᠡᠶᠢᠮᠦ ᠠ᠋᠂ ᠮᠠᠨ ᠤ ᠬᠥᠮᠥᠨ ᠨᠢᠭᠡᠪᠦᠷᠢ ᠴᠥᠮ ᠭᠠᠶᠢᠯᠢ ᠲᠠᠲᠠᠪᠤᠷᠢ ᠲᠠᠢ ᠨᠢᠭᠲᠠ ᠬᠤᠯᠪᠣᠭ᠎ᠠ ᠲᠠᠢ ᠪᠠᠶᠢᠳᠠᠭ᠂ | ᠭᠠᠶᠢᠯᠢ ᠲᠠᠲᠠᠪᠤᠷᠢ ᠮᠠᠨ ᠤ ᠡᠳᠦᠷ ᠲᠤᠲᠤᠮ ᠤᠨ ᠠᠮᠢᠳᠤᠷᠠᠯ ᠳᠤ ᠨᠡᠪᠴᠢᠳᠡᠭ᠂ ᠵᠢᠱᠢᠶᠡᠯᠡᠪᠡᠯ᠂ ᠲᠠ ᠵᠣᠭᠤᠰ | ᠲᠥᠯᠥᠵᠦ ᠶᠠᠭᠤᠮ᠎ᠠ ᠬᠤᠳᠠᠯᠳᠤᠨ ᠠᠪᠬᠤ ᠶᠢᠨ ᠬᠠᠮᠲᠤ ᠳᠠᠷᠤᠢ ᠭᠠᠶᠢᠯᠢ ᠶᠢᠨ ᠮᠥᠩᠭᠦ ᠲᠤᠰᠢᠶᠠᠳᠠᠭ︔ ᠡᠭᠦᠨ ᠤ | ᠬᠠᠮᠲᠤ ᠪᠠᠰᠠ ᠭᠠᠶᠢᠯᠢ ᠲᠠᠲᠠᠪᠤᠷᠢ ᠨᠢ ᠮᠠᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠵᠤ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠤᠨ ᠲᠠᠲᠠᠪᠤᠷᠢᠯᠠᠭᠰᠠᠨ ᠭᠠᠶᠢᠯᠢ ᠶᠢᠨ ᠵᠣᠭᠤᠰ ᠢ ᠤᠯᠤᠰ ᠤᠨ ᠲᠥᠰᠥᠪ᠂ ᠡᠳ᠋ ᠤᠨ | ᠵᠠᠰᠠᠭ ᠠᠴᠠ ᠵᠣᠭᠤᠰ ᠰᠠᠯᠭᠠᠨ ᠥᠭᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ | ᠠᠷᠠᠳ ᠲᠦᠮᠡᠨ ᠢ ᠠᠮᠤᠷ ᠲᠠᠶᠢᠪᠤᠩ ᠠᠵᠤ ᠲᠦᠷᠦᠵᠤ᠂ ᠨᠡᠩ ᠵᠣᠯ ᠵᠢᠷᠭᠠᠯ ᠲᠠᠢ ᠪᠣᠯᠭᠠᠪᠠ᠃ ᠲᠡᠭᠡᠪᠡᠯ ᠰᠠᠶ᠋ᠢᠬᠠᠨ ᠤ | 〔 ᠬᠥᠲᠥᠯᠥᠭᠴᠢ 〕 ᠳᠤᠷᠠᠳᠤᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠵᠠᠷᠢᠮ ᠪᠠᠶᠢᠳᠠᠯ ᠤᠨ ᠲᠤᠬᠠᠢ᠂ ᠪᠢ ᠪᠠᠰᠠ ᠦᠵᠡᠭᠴᠢᠳ | ᠨᠠᠶᠢᠵᠠ ᠨᠠᠷ ᠲᠤ ᠳᠥᠭᠦᠮᠬᠡᠨ ᠲᠠᠨᠢᠯᠴᠠᠭᠤᠯᠤᠶ᠎ᠠ᠄ 10 ᠰᠠᠷ᠎ᠠ ᠪᠣᠯ ᠬᠤᠤᠯᠢᠩᠭᠤᠤᠯ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢᠨ ᠰᠠᠷ᠎ᠠ ᠪᠣᠯᠣᠨ᠎ᠠ᠂ ︽ᠬᠤᠳᠠᠯᠳᠤᠭ᠎ᠠ ᠶᠢ ᠴᠢᠬᠤᠯᠠᠴᠢᠯᠠᠬᠤ᠂ | ᠣᠷᠴᠢᠨ ᠲᠣᠭᠤᠷᠢᠨ ᠢ ᠡᠭᠦᠳᠬᠦ᠂ ᠦᠢᠯᠡᠴᠢᠯᠡᠭᠡ ᠶᠢ ᠰᠢᠯᠢᠳᠡᠭᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠰᠢᠷᠢᠰ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠳᠥᠷᠪᠡᠨ ᠭᠤᠣᠯ ᠪᠣᠯᠬᠤ ᠤᠬᠠᠭᠤᠯᠭ᠎ᠠ ᠶᠢᠨ ᠴᠢᠭᠯᠡᠯ ᠠᠴᠠ | ᠭᠠᠷᠳᠠᠵᠤ᠂ ᠵᠢᠷᠭᠤᠭᠠᠨ ᠵᠦᠢᠯ ᠤᠨ ᠰᠢᠨ᠎ᠡ ᠶᠢ ᠡᠭᠦᠳᠬᠦ ᠪᠦᠲᠦᠭᠡᠯᠴᠢ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ | ᠬᠡᠯᠪᠡᠷᠢ ᠶᠢᠨ ᠳᠣᠲᠣᠷᠠᠬᠢ ᠠᠷᠠᠳ ᠠᠴᠠ ᠡᠷᠭᠢᠯᠡᠭᠰᠡᠨ ᠭᠠᠶᠢᠯᠢ ᠶᠢᠨ ᠤᠬᠠᠭᠤᠯᠭ᠎ᠠ ᠶᠢᠨ ᠭᠠᠷ ᠳᠡᠪᠲᠡᠷ᠂ | ᠠᠵᠢᠯᠯᠠᠭᠠᠨ ᠤ ᠵᠦᠭᠯᠡᠭᠦᠷ᠂ ᠤᠬᠠᠭᠤᠯᠭ᠎ᠠ ᠶᠢᠨ ᠵᠠᠷᠯᠠᠯ ᠵᠡᠷᠭᠡ ᠠᠴᠠ ᠣᠬᠤᠷ ᠸᠢᠳᠢᠤ᠋ ᠶᠢᠨ ᠤᠬᠠᠭᠤᠯᠭ᠎ᠠ ᠶᠢᠨ | ᠲᠥᠯᠥᠪᠯᠡᠭᠡ ᠶᠢ ᠬᠡᠷᠡᠭᠵᠢᠭᠦᠯᠬᠦ ᠬᠦᠷᠲᠡᠯ᠎ᠡ᠂ ᠳᠠᠬᠢᠭᠠᠳ︽ᠢᠯᠠ ᠭᠠᠶᠢᠯᠢ ᠶᠢᠨ ᠠᠰᠠᠷ︾ ᠤᠨ ᠲᠦᠷᠦ ᠶᠢᠨ | ᠪᠣᠳᠣᠯᠭ᠎ᠠ ᠶᠢᠨ ᠮᠠᠲ᠋ᠧᠷᠢᠶᠠᠯ ᠤᠨ ᠡᠯᠧᠺᠲᠷᠣᠨ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠬᠤ ᠬᠦᠷᠲᠡᠯ᠎ᠡ᠂ ᠵᠢᠴᠢ | ᠮᠠᠨ ᠤ ᠡᠨᠡᠬᠦ ᠬᠤᠣᠯᠢᠨ ᠭᠤᠣᠯ ᠬᠤᠳᠠ ᠶᠢᠨ ᠬᠠᠮ ᠵᠠᠭᠤᠴᠢᠯᠠᠭᠤᠷ ᠤᠨ ᠲᠥᠪ ᠤᠨ ᠷᠠᠳᠢᠣ᠋ ᠨᠡᠪᠲᠡᠷᠡᠭᠦᠯᠭᠡ ᠶᠢᠨ | ᠬᠤᠷᠢᠶ᠎ᠠ ᠶᠢᠨ ᠪᠤᠯᠤᠩ ᠲᠠᠢ ᠬᠠᠮᠲᠤ ᠪᠠᠷ ᠰᠢᠨ᠎ᠡ ᠬᠡᠯᠪᠡᠷᠢ ᠲᠠᠢ᠂ ᠦᠵᠡᠵᠦ ᠰᠣᠨᠢᠷᠬᠠᠬᠤ ᠳᠤᠷᠠᠲᠠᠢ ᠠᠵᠢᠯᠯᠠᠭ᠎ᠠ ᠶᠢᠨ | ᠬᠡᠯᠪᠡᠷᠢ ᠶᠢ ᠥᠷᠨᠢᠭᠦᠯᠵᠦ᠂ ᠪᠦᠬᠦ ᠬᠤᠳᠠ ᠶᠢᠨ ᠡᠯ᠎ᠡ ᠠᠵᠢᠯ ᠲᠦᠷᠦᠯ᠂ ᠡᠯ᠎ᠡ ᠭᠤᠣᠯ ᠴᠣᠭᠴᠠ᠂ ᠡᠯ᠎ᠡ ᠲᠦᠷᠦᠯ ᠤᠨ | ᠬᠦᠯᠢᠶᠡᠨ ᠠᠪᠤᠭᠴᠢᠳ ᠤᠨ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ | ᠤᠬᠠᠭᠤᠯᠭ᠎ᠠ ᠶᠢᠨ ᠶᠡᠭᠡ ᠥᠷᠨᠢᠯᠲᠡ ᠶᠢ ᠪᠤᠢ ᠪᠣᠯᠭᠠᠪᠠ᠃ | ᠬᠥᠲᠥᠯᠥᠭᠴᠢ᠄ | ᠪᠣᠯᠣᠨ᠎ᠠ᠂ ᠥᠨᠥᠳᠥᠷ ᠪᠢᠳᠡ ᠬᠠᠮᠲᠤ ᠪᠠᠷ ᠭᠠᠶᠢᠯᠢ ᠲᠤᠰᠢᠶᠠᠬᠤ ᠦᠢᠯᠡᠴᠢᠯᠡᠭᠡ᠂ ᠭᠠᠶᠢᠯᠢ ᠰᠦᠢᠳᠬᠡᠯ ᠤᠨ | ᠲᠥᠷᠥᠯ ᠵᠦᠢᠯ᠂ ᠭᠠᠶᠢᠯᠢ ᠲᠠᠲᠠᠪᠤᠷᠢ ᠶᠢᠨ ᠦᠢᠯᠡᠴᠢᠯᠡᠭᠡ ᠵᠡᠷᠭᠡ ᠣᠯᠠᠨ ᠲᠠᠯ᠎ᠠ ᠠᠴᠠ ᠭᠠᠶᠢᠯᠢ ᠲᠠᠲᠠᠪᠤᠷᠢ ᠳᠤ | ᠣᠶᠢᠷᠠᠳᠴᠤ᠂ ᠭᠠᠶᠢᠯᠢ ᠶᠢᠨ ᠶᠠᠪᠤᠳᠠᠯ ᠤᠨ ᠲᠤᠬᠠᠢ ᠲᠠᠶᠢᠯᠤᠮᠵᠢ ᠬᠢᠶ᠎ᠡ᠃ ᠲᠡᠭᠡᠪᠡᠯ ᠯᠢᠦ ᠲᠣᠪᠴᠢᠶᠠᠨ ᠳᠠᠷᠤᠭ᠎ᠠ ᠠ᠂ | ᠣᠯᠠᠨ ᠢᠶᠠᠷ ᠢᠶᠠᠨ ᠴᠥᠮ ︽ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ︾ ᠨᠢ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠪᠣᠯ ᠡᠨᠡ ᠵᠢᠯ ᠤᠨ ᠪᠠᠶᠢᠨ ᠳᠠᠬᠢᠨ ᠭᠠᠷᠴᠤ ᠪᠠᠶᠢᠭ᠎ᠠ ᠵᠠᠩᠭᠢᠯᠠᠭ᠎ᠠ ᠶᠢᠨ ᠦᠭᠡ ᠪᠣᠯᠬᠤ ᠶᠢ | ᠠᠩᠬᠠᠷᠴᠤ ᠣᠯᠵᠠᠢ᠂ ᠲᠡᠭᠡᠪᠡᠯ ᠡᠨᠡ ᠲᠠᠯ᠎ᠠ ᠪᠠᠷ 2022 ᠣᠨ ᠳᠤ ᠪᠠᠰᠠ ᠶᠠᠮᠠᠷ ᠶᠠᠮᠠᠷ ᠰᠢᠨ᠎ᠡ ᠬᠤᠪᠢᠷᠠᠯᠲᠠ ᠲᠠᠢ | ᠪᠣᠯᠤᠭᠰᠠᠨ ᠪᠣᠶ︖ | ᠯᠢᠦ ᠭᠤᠸᠠᠩ ᠵᠢᠶᠧ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠪᠣᠯ ᠶᠡᠷᠦ ᠠᠴᠠ ᠮᠠᠨ ᠤ ᠭᠠᠶᠢᠯᠢ ᠲᠤᠰᠢᠶᠠᠭᠴᠢ ᠶᠢᠨ | ᠰᠦᠢᠳᠬᠡᠯ ᠲᠤᠰᠢᠶᠠᠭᠴᠢ ᠶᠢᠨ ᠲᠤᠶᠢᠯ ᠢᠶᠠᠷ ᠠᠩᠬᠠᠷᠴᠤ ᠪᠠᠶᠢᠭ᠎ᠠ ᠰᠡᠳᠦᠪ ᠮᠥᠨ᠂ 2022 ᠣᠨ ᠳᠤ ᠰᠢᠨ᠎ᠡ | ᠨᠡᠶᠢᠯᠡᠮᠡᠯ ᠮᠠᠶ᠋ᠢᠭ ᠤᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ ᠵᠠᠬ᠎ᠠ | ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠯ ᠢ | ᠬᠥᠭᠵᠢᠭᠡᠬᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠥᠮᠥᠨ ᠳᠤ ᠬᠠᠮᠤᠭ ᠤᠨ ᠭᠦᠨ ᠰᠠᠭᠤᠭᠳᠠᠯ ᠥᠭᠬᠦ ᠪᠣᠯ ᠳᠠᠷᠤᠢ ᠠᠷᠭ᠎ᠠ ᠬᠡᠮᠵᠢᠶ᠎ᠡ ᠶᠢᠨ ︽ᠪᠣᠳᠠᠲᠠᠢ︾᠂ ᠠᠵᠤ | ᠠᠬᠤᠶᠢᠯᠠᠯ ᠳᠤ ᠠᠰᠢᠭ ᠬᠦᠷᠲᠡᠭᠡᠬᠦ ︽ᠲᠦᠷᠭᠡᠨ︾᠂ ︽ᠣᠨᠣᠪᠴᠢᠲᠠᠶ︾ ᠶᠠᠪᠤᠳᠠᠯ ᠪᠣᠯᠣᠨ᠎ᠠ᠂ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ᠂ ᠣᠷᠣᠨ ᠤ ᠲᠣᠪᠴᠢᠶ᠎ᠠ᠂ ᠬᠤᠲᠠ ᠶᠢᠨ ᠲᠣᠪᠴᠢᠶ᠎ᠠ ᠶᠢᠨ ᠱᠠᠭᠠᠷᠳᠠᠯᠭ᠎ᠠ | ᠶᠣᠰᠣᠭᠠᠷ᠂ ᠬᠤᠤᠯᠢᠩᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠴᠤ ᠣᠯᠠᠨ ᠵᠦᠢᠯ ᠤᠨ ᠪᠣᠳᠠᠲᠠᠢ | ᠲᠣᠬᠢᠷᠠᠭᠤᠯᠤᠯᠲᠠ ᠬᠢᠵᠦ᠂ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠢ ᠲᠣᠭᠲᠠᠭᠠᠭᠰᠠᠨ | ᠪᠠᠶᠢᠨ᠎ᠠ᠃ | ᠳᠡᠭᠡᠷ᠎ᠡ ᠬᠠᠭᠠᠰ ᠵᠢᠯ ᠤᠨ ᠲᠥᠷᠥ ᠶᠢᠨ ᠪᠣᠳᠣᠯᠭ᠎ᠠ ᠶᠢᠨ ᠪᠠᠶᠢᠳᠠᠯ ᠠᠴᠠ 2022 ᠣᠨ ᠤ ᠳᠣᠣᠷ᠎ᠠ ᠬᠠᠭᠠᠰ | ᠵᠢᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠶᠡᠷᠦᠩᠬᠡᠢ ᠳᠤᠨᠢ ᠠᠪᠴᠤ ᠬᠡᠯᠡᠪᠡᠯ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ᠂ ᠡᠭᠦᠨ ᠳᠤ ᠬᠤᠶᠠᠷ ᠶᠡᠭᠡ ᠣᠨᠴᠠᠯᠢᠭ ᠢᠯᠡᠷᠡᠪᠡ᠄ | ᠨᠢᠭᠡ ᠳᠤ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠡᠳᠬᠡᠵᠦ ᠡᠭᠦᠳᠦᠨ ᠪᠦᠲᠦᠭᠡᠬᠦ ᠶᠢ ᠴᠢᠷᠮᠠᠶᠢᠨ ᠠᠬᠢᠭᠤᠯᠵᠤ᠂ ᠲᠡᠳᠡᠨ ᠤ | ᠲᠤᠰ ᠪᠡᠶ᠎ᠡ ᠶᠢᠨ ᠭᠤᠣᠯᠯᠠᠬᠤ ᠪᠦᠲᠦᠭᠡᠯᠴᠢ ᠬᠦᠴᠦᠨ ᠪᠠ ᠥᠷᠢᠰᠦᠯᠳᠦᠬᠦ ᠬᠦᠴᠦᠨ ᠢ ᠨᠡᠮᠡᠭᠳᠡᠭᠦᠯᠵᠦ᠂ ᠦᠷᠳᠡᠭ | ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠡᠷᠴᠢᠮ ᠢ ᠴᠢᠩᠭᠠᠷᠠᠭᠤᠯᠵᠤ᠂ ᠡᠳᠡᠭᠡᠷ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠬᠠᠰᠤᠬᠤ ᠶᠢ ᠲᠡᠭᠦᠯᠳᠡᠷᠵᠢᠭᠦᠯᠵᠦ᠂ | ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ | ᠥᠭᠡᠷᠡᠴᠢᠯᠡᠯᠲᠡ ᠬᠢᠵᠦ ᠪᠡᠯᠡ ᠣᠷᠣᠭᠤᠯᠬᠤ ᠶᠢ ᠠᠬᠢᠭᠤᠯᠵᠤ᠂ ᠡᠭᠦᠨ ᠤ ᠤᠯᠠᠮ ᠠᠴᠠ ᠡᠳᠡᠭᠡᠷ ᠠᠵᠤ ᠠᠬᠤᠶᠢᠯᠠᠯ ᠤᠨ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ; ᠬᠤᠶᠠᠷ ᠲᠤ ᠵᠢᠵᠢᠭ | ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠯᠲᠡ ᠪᠠᠨ ᠲᠦᠷᠭᠡᠳᠬᠡᠵᠦ | ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠬᠦ ᠶᠢ ᠠᠬᠢᠭᠤᠯᠪᠠ᠃ ᠵᠢᠱᠢᠶᠡᠯᠡᠪᠡᠯ ᠪᠢᠳᠡ 2021 ᠣᠨ ᠤ ᠡᠴᠦᠰ ᠲᠤ | ᠬᠤᠭᠤᠴᠠᠭ᠎ᠠ ᠨᠢ ᠲᠤᠯᠤᠭᠰᠠᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠳᠡᠮᠵᠢᠬᠦ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ | ᠬᠡᠷᠡᠭᠵᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠯᠲᠠ ᠶᠢ ᠤᠯᠠᠮ ᠨᠢᠭᠡ ᠠᠯᠬᠤᠮ | ᠬᠥᠩᠭᠡᠷᠡᠭᠦᠯᠦᠨ᠎ᠡ᠃ | ᠬᠥᠲᠥᠯᠥᠭᠴᠢ᠄ | ᠬᠤᠪᠢᠷᠠᠯᠲᠠ ᠶᠢᠨ ᠳᠤᠮᠳᠠ ᠠᠴᠠ ᠡᠨᠡ ᠵᠢᠯ ᠤᠨ ᠲᠦᠷᠦ ᠶᠢᠨ ᠪᠣᠳᠣᠯᠭ᠎ᠠ ᠶᠢᠨ ᠡᠷᠴᠢᠮ ᠨᠡᠩ ᠶᠡᠭᠡ᠂ ᠨᠠᠷᠢᠯᠢᠭ | ᠣᠨᠣᠪᠴᠢᠲᠤ ᠴᠢᠨᠠᠷ ᠨᠡᠩ ᠴᠢᠩᠭ᠎ᠠ ᠪᠠᠶᠢᠬᠤ ᠶᠢ ᠦᠨᠡᠨᠬᠦ ᠣᠯᠵᠤ ᠬᠠᠷᠠᠵᠤ ᠪᠣᠯᠣᠨ᠎ᠠ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠠᠪᠤᠴᠠ ᠳᠤ᠂ ᠭᠠᠶᠢᠯᠢ ᠲᠤᠰᠢᠶᠠᠭᠴᠢ ᠶᠢᠨ ᠰᠦᠢᠳᠬᠡᠯ ᠲᠤᠰᠢᠶᠠᠭᠴᠢ ᠶᠢ ᠬᠠᠪᠰᠤᠷᠤᠨ | ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠡᠳ᠋ᠯᠡᠭᠦᠯᠵᠦ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠰᠠ ᠶᠠᠮᠠᠷ | ᠶᠠᠮᠠᠷ ᠬᠥᠭᠦᠷᠭᠡ ᠶᠢᠨ ᠦᠢᠯᠡᠳᠦᠯ ᠢ ᠪᠠᠳᠠᠷᠠᠭᠤᠯᠬᠤ ᠪᠣᠶ︖ | ᠯᠢᠦ ᠭᠤᠸᠠᠩ ᠵᠢᠶᠧ | ᠡᠨᠡ ᠵᠢᠯ ᠤᠨ ᠡᠬᠢ ᠪᠠᠷ ᠾᠦᠥᠸ᠋ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠪᠢ ᠭᠠᠶᠢᠯᠢ | ᠲᠤᠰᠢᠶᠠᠭᠴᠢ ᠶᠢᠨ ᠰᠦᠢᠳᠬᠡᠯ ᠲᠤᠰᠢᠶᠠᠭᠴᠢ ᠳᠤ ᠪᠣᠳᠠᠲᠤ ᠶᠠᠪᠤᠳᠠᠯ ᠬᠢᠵᠦ ᠥᠭᠬᠦ ᠵᠢᠴᠢ ᠶᠢᠰᠦᠳᠦᠭᠡᠷ | ᠬᠤᠭᠤᠴᠠᠭᠠᠨ ᠤ ᠠᠷᠠᠳ ᠠᠴᠠ ᠡᠷᠭᠢᠯᠡᠭᠰᠡᠨ ᠭᠠᠶᠢᠯᠢ ᠶᠢᠨ ᠶᠠᠪᠤᠳᠠᠯ ᠳᠤ ᠳᠥᠭᠦᠮ ᠦᠵᠡᠭᠦᠯᠬᠦ ᠤᠷᠢᠬᠠᠨ ᠰᠠᠯᠬᠢᠨ ᠤ | ᠠᠵᠢᠯᠯᠠᠭ᠎ᠠ︾ ᠭᠡᠬᠦ ᠰᠢᠷᠢᠰ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠡᠨᠡ ᠵᠢᠯ ᠤᠨ 4 ᠰᠠᠷ᠎ᠠ ᠳᠤ ︽31 | ᠳ᠋ᠦᠭᠡᠷ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ︾ ᠢ | ᠡᠷᠭᠢᠯᠡᠵᠦ᠂ ᠲᠤᠰ ᠰᠠᠷ᠎ᠠ ᠶᠢ ᠪᠠᠰᠠ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠤᠬᠠᠭᠤᠯᠭ᠎ᠠ ᠶᠢᠨ ᠰᠠᠷ᠎ᠠ ᠪᠠᠷ ᠲᠣᠭᠲᠠᠭᠠᠵᠤ᠂ ᠾᠦᠥᠸ᠋ ᠬᠤᠲᠠ ᠶᠢᠨ ᠲᠣᠪᠴᠢᠶ᠎ᠠ ᠡᠭᠦᠨ ᠢᠶᠠᠷ | ᠠᠵᠠ ᠲᠣᠬᠢᠶᠠᠯ ᠪᠣᠯᠭᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠯᠧᠺᠲ᠋ᠣᠷ ᠤᠨ ᠪᠦᠯᠬᠦᠮ ᠢ | ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠬᠠᠪᠰᠤᠷᠤᠨ ᠵᠢᠯᠤᠭᠤᠳᠬᠤ ᠮᠠᠲ᠋ᠧᠷᠢᠶᠠᠯ ᠢ ᠳᠠᠷᠤᠮᠠᠯᠯᠠᠨ ᠵᠣᠬᠢᠶᠠᠵᠤ᠂ ︽ | ᠢᠯᠡ ᠭᠠᠶᠢᠯᠢ ᠶᠢᠨ ᠲᠠᠭᠲᠤ︾ ᠶᠢᠨ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ ᠤᠨ ᠡᠯᠧᠺᠲᠷᠣᠨ ᠰᠤᠷᠤᠯᠴᠠᠯᠭ᠎ᠠ ᠶᠢᠨ | ᠲᠠᠪᠴᠠᠩ ᠢ ᠭᠠᠷᠭᠠᠵᠤ᠂ ︽ᠤᠷᠢᠳᠠᠪᠠᠷ ᠵᠥᠷᠢᠴᠡᠭᠰᠡᠨ ᠢ ᠥᠯᠥ ᠲᠣᠷᠭᠠᠬᠤ︾ ᠪᠠ ᠭᠠᠶᠢᠯᠢ ᠶᠢᠨ ᠶᠠᠪᠤᠳᠠᠯ ᠤᠨ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠢᠳᠡᠪᠬᠢᠲᠡᠢ | ᠤᠬᠠᠭᠤᠯᠵᠤ᠂ ᠲᠥᠷᠥ ᠶᠢᠨ ᠪᠣᠳᠣᠯᠭ᠎ᠠ ᠶᠢᠨ ᠪᠣᠳᠠᠲᠤ ᠠᠭᠤᠯᠭ᠎ᠠ ᠶᠢ ᠪᠣᠯᠪᠠᠰᠤᠷᠠᠭᠤᠯᠬᠤ ᠪᠠᠷ ᠪᠠᠷᠠᠬᠤ ᠦᠭᠡᠢ ᠪᠠᠰᠠ | ᠭᠠᠶᠢᠯᠢ ᠭᠦᠢᠴᠡᠳᠬᠡᠬᠦ ᠶᠠᠪᠤᠴᠠ ᠶᠢ ᠬᠠᠪᠰᠤᠷᠤᠨ ᠵᠢᠯᠤᠭᠤᠳᠴᠤ᠂ ᠭᠠᠶᠢᠯᠢ ᠲᠤᠰᠢᠶᠠᠭᠴᠢ ᠶᠢᠨ ᠰᠦᠢᠳᠬᠡᠯ | ᠲᠤᠰᠢᠶᠠᠭᠴᠢ ᠶᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠪᠠ ᠲᠣᠬᠢᠷᠠᠬᠤ ᠪᠠᠷᠢᠮᠵᠢᠶ᠎ᠠ ᠶᠢ ᠲᠣᠳᠣᠷᠬᠠᠢ | ᠪᠣᠯᠭᠠᠵᠤ᠂ ᠮᠡᠳᠡᠬᠦ ᠶᠣᠰᠣᠲᠠᠢ ᠶᠢ ᠨᠢ ᠪᠦᠬᠦᠨ ᠢ ᠮᠡᠳᠡᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ | ᠶᠣᠰᠣᠲᠠᠢ ᠠᠰᠢᠭ ᠢ ᠪᠦᠬᠦᠨ ᠢ ᠡᠳ᠋ᠯᠡᠬᠦ ᠶᠢ ᠦᠨᠡᠨ ᠬᠦ ᠪᠠᠲᠤᠯᠠᠪᠠ᠃ ᠬᠢᠵᠢᠭ ᠤᠨ ᠨᠥᠯᠥᠭᠡ ᠠᠴᠠ ᠪᠣᠯᠵᠤ | ᠦᠢᠯᠡᠳᠪᠦᠷᠢᠯᠡᠯ ᠡᠵᠡᠩᠨᠡᠯᠲᠡ ᠳᠤ ᠬᠦᠴᠢᠷᠳᠡᠯ ᠲᠠᠢ ᠠᠵᠤ ᠠᠬᠤᠶᠢᠯᠠᠯ ᠢ ᠪᠢᠳᠡ ᠪᠠᠰᠠ ᠡᠳᠡᠭᠡᠷ ᠠᠵᠤ ᠠᠬᠤᠶᠢᠯᠠᠯ ᠢ | ᠬᠠᠪᠰᠤᠷᠤᠨ ᠪᠡᠯᠡ ᠮᠥᠩᠭᠦᠨ ᠤ ᠳᠠᠷᠤᠯᠲᠠ ᠶᠢ ᠨᠢ ᠬᠥᠩᠭᠡᠷᠡᠭᠦᠯᠵᠦ᠂ ᠬᠠᠤᠯᠢ ᠲᠣᠭᠲᠠᠭᠠᠯ ᠤᠨ ᠰᠠᠭᠤᠷᠢᠨ ᠳᠡᠭᠡᠷ᠎ᠡ | ᠢᠳᠡᠪᠬᠢᠲᠡᠢ ᠪᠠᠷ ᠳᠡᠮᠵᠢᠬᠦ ᠪᠣᠯᠣᠨ᠎ᠠ᠃ ᠢᠩᠭᠢᠵᠦ ᠬᠢᠬᠦ ᠨᠢ ᠶᠡᠭᠡ ᠲᠠᠯ᠎ᠠ ᠠᠴᠠ ᠠᠪᠴᠤ ᠬᠡᠯᠡᠪᠡᠯ ᠠᠷᠠᠳ ᠲᠦᠮᠡᠨ | ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠷᠠᠬᠠᠨ | ᠪᠠᠭ᠎ᠠ ᠠᠴᠠ ᠨᠢ ᠠᠪᠴᠤ ᠬᠡᠯᠡᠪᠡᠯ ᠭᠠᠶᠢᠯᠢ ᠲᠤᠰᠢᠶᠠᠭᠴᠢ ᠶᠢᠨ ᠰᠦᠢᠳᠬᠡᠯ ᠲᠤᠰᠢᠶᠠᠭᠴᠢ ᠶᠢᠨ ᠲᠦᠭᠵᠢᠷᠡᠯ᠂ | ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠠᠷᠠᠳ ᠲᠤ ᠠᠰᠢᠭ | ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠬᠦ ᠶᠠᠪᠤᠳᠠᠯ ᠪᠣᠯᠣᠨ᠎ᠠ᠃ ᠥᠭᠡᠷ᠎ᠡ ᠪᠠᠷ ᠬᠡᠯᠡᠪᠡᠯ ᠪᠢᠳᠡᠨ ᠤ ᠵᠠᠭᠤᠨ | ᠬᠤᠪᠢ ᠶᠢᠨ ᠴᠢᠷᠮᠠᠶᠢᠯᠭ᠎ᠠ ᠪᠠᠷ ᠢᠶᠠᠨ ᠤᠯᠠᠨ ᠤ ᠰᠠᠨᠠᠭᠠᠨ ᠳᠤ ᠨᠡᠶᠢᠴᠡᠭᠰᠡᠨ ᠪᠠᠶᠢᠳᠠᠯ ᠢ ᠰᠣᠯᠢᠵᠤ ᠠᠪᠤᠶ᠎ᠠ᠃ | ᠬᠥᠲᠥᠯᠥᠭᠴᠢ᠄ | ᠪᠢᠳᠡᠨ ᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠤ ᠰᠡᠳᠬᠢᠯ ᠬᠠᠨᠤᠮᠵᠢᠲᠠᠢ ᠪᠠᠶᠢᠬᠤ ᠶᠢᠨ ᠲᠥᠯᠥᠭᠡ᠂ | ᠮᠠᠨ ᠤ ᠬᠤᠣᠯᠢᠨ ᠭᠤᠣᠯ ᠤᠨ ᠦᠷᠭᠦᠯᠵᠢᠯᠡᠨ ᠰᠢᠯᠢᠳᠡᠭᠵᠢᠵᠦ ᠪᠠᠶᠢᠭ᠎ᠠ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ | ᠣᠷᠴᠢᠨ ᠲᠣᠭᠤᠷᠢᠨ ᠤ ᠲᠥᠯᠥᠭᠡ ᠶᠤᠮ᠃ ᠲᠡᠭᠡᠪᠡᠯ ᠭᠠᠶᠢᠯᠢ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠪᠠ | ᠬᠦᠷᠲᠡᠮᠵᠢ ᠶᠢᠨ ᠰᠡᠳᠬᠢᠯᠭᠡ ᠶᠢ ᠳᠡᠭᠡᠭᠰᠢᠯᠡᠭᠦᠯᠬᠦ ᠲᠠᠯ᠎ᠠ ᠪᠠᠷ ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ᠶᠠᠮᠠᠷ ᠶᠠᠮᠠᠷ ᠠᠵᠢᠯ ᠬᠢᠭᠰᠡᠨ ᠪᠣᠶ︖ | | ᠯᠢᠦ ᠭᠤᠸᠠᠩ ᠵᠢᠶᠧ | ᠭᠠᠶᠢᠯᠢ ᠲᠤᠰᠢᠶᠠᠬᠤ ᠶᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢ ᠲᠣᠬᠢᠶᠠᠯᠳᠤᠳᠠᠭ ᠬᠤᠶᠠᠷ ᠵᠦᠢᠯ ᠤᠨ | ᠠᠵᠢᠯᠯᠠᠭ᠎ᠠ ᠶᠢ ᠪᠢ ᠲᠠ ᠪᠦᠬᠦᠨ ᠳᠤ ᠲᠣᠪᠴᠢᠬᠠᠨ ᠶᠠᠷᠢᠶ᠎ᠠ᠃ ᠨᠢᠭᠡᠳᠦᠭᠡᠷ ᠲᠤ᠂ ᠪᠢᠳᠡ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠪᠠᠶᠢᠨ᠎ᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯ ᠭᠠᠶᠢᠯᠢ | ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠢ | ᠪᠡᠶᠡᠯᠡᠭᠦᠯᠬᠦ ᠭᠤᠣᠯ ᠠᠷᠭ᠎ᠠ ᠵᠠᠮ ᠮᠥᠨ᠂ ᠣᠳᠣᠬᠠᠨ ᠳᠤ ᠨᠢᠭᠡᠨᠲᠡ ᠰᠦᠯᠵᠢᠶᠡᠨ ᠳᠤ ᠭᠠᠷᠴᠤ 201 ᠵᠦᠢᠯ ᠤᠨ ︽ | ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠲᠤᠬᠠᠶᠢᠯᠠᠭᠰᠠᠨ ᠠᠵᠢᠯ᠂ 19 ᠵᠦᠢᠯ ᠤᠨ ︽ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠡᠶᠢᠯᠡᠭᠦᠯᠦᠨ ᠭᠦᠢᠴᠡᠳᠬᠡᠬᠦ︾ ᠲᠤᠬᠠᠶᠢᠯᠠᠭᠰᠠᠨ ᠠᠵᠢᠯ᠂ | ᠨᠡᠶᠢᠲᠡ 220 ᠵᠦᠢᠯ ᠢ ᠰᠦᠯᠵᠢᠶᠡᠨ ᠳᠤ ᠭᠠᠷᠭᠠᠵᠤ᠂ ᠪᠠᠷᠤᠭ ᠪᠣᠶ ᠪᠦᠬᠦᠢ ᠭᠠᠶᠢᠯᠢ ︵ᠰᠦᠢᠳᠬᠡᠯ︶ ᠳᠤ | ᠬᠤᠯᠪᠣᠭᠳᠠᠭᠰᠠᠨ ᠲᠤᠬᠠᠶᠢᠯᠠᠭᠰᠠᠨ ᠠᠵᠢᠯ ᠢ ᠬᠠᠮᠤᠷᠤᠭᠰᠠᠨ ᠪᠠᠶᠢᠨ᠎ᠠ᠃ ᠣᠳᠣᠬᠠᠨ ᠳᠤ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠲᠡᠮᠳᠡᠭᠯᠡᠬᠦ ᠰᠢᠰᠲ᠋ᠧᠮ ᠳᠤ ᠪᠥᠬᠦ ᠤᠯᠤᠰ ᠲᠤ ᠨᠢᠭᠡᠳᠦᠯᠲᠡᠢ ᠬᠡᠷᠡᠭᠵᠢᠭᠦᠯᠵᠦ ᠪᠠᠶᠢᠭ᠎ᠠ | ︽ᠬᠤᠣᠰ ᠹᠠᠺᠲ᠋ᠤᠷ ᠤᠨ ᠭᠡᠷᠡᠴᠢᠯᠡᠯ︾ ᠤᠨ ᠲᠣᠭᠲᠠᠴᠠ ᠶᠢ ᠬᠡᠷᠡᠭᠯᠡᠵᠦ ᠪᠣᠶ᠂ ᠵᠣᠷᠢᠯᠭ᠎ᠠ ᠨᠢ ᠬᠠᠤᠯᠢ ᠶᠢᠨ ᠬᠥᠮᠥᠨ ᠤ | ᠡᠳ᠋ ᠬᠥᠷᠥᠩᠭᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠶᠤᠮ᠂ ᠡᠶᠢᠮᠦ ᠠᠴᠠ | ᠲᠡᠮᠳᠡᠭᠯᠡᠬᠦ ᠠᠷᠭ᠎ᠠ ᠮᠠᠶ᠋ᠢᠭ ᠨᠢ ᠨᠡᠯᠢᠶᠡᠳ ᠪᠤᠳᠤᠯᠢᠶᠠᠨᠲᠠᠢ ᠪᠠᠶᠢᠵᠤ ᠮᠡᠳᠡᠨ᠎ᠡ᠂ ᠡᠶᠢᠮᠦ ᠠᠴᠠ ᠠᠳᠡ ᠣᠯᠠᠨ ᠳᠤ | ᠲᠠᠶᠢᠯᠪᠤᠷᠢᠯᠠᠵᠤ ᠥᠭᠭᠦᠶ᠎ᠡ᠂ ᠣᠶᠢᠯᠠᠭᠠᠬᠤ ᠶᠢ ᠬᠦᠰᠡᠵᠦ ᠪᠠᠶᠢᠨ᠎ᠠ᠃ ᠬᠡᠷᠪᠡ ᠤᠯᠠᠨ ᠢᠶᠠᠷ ᠢᠶᠠᠨ ᠡᠯᠧᠺᠲᠷᠣᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠰᠢᠰᠲ᠋ᠧᠮ ᠢ ᠬᠡᠷᠡᠭᠯᠡᠬᠦ ᠶᠠᠪᠤᠴᠠ ᠳᠤ ᠬᠠᠶᠠ ᠺᠠᠷᠲ᠋ᠣᠨ ᠤ ᠦᠵᠡᠭᠳᠡᠯ | ᠭᠠᠷᠪᠠᠯ᠂ ᠲᠡᠭᠦᠨ ᠤ ᠭᠤᠣᠯ ᠰᠢᠯᠲᠠᠭᠠᠨ ᠨᠢ ᠲᠠᠨ ᠤ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠪᠠ ᠠᠵᠢᠯᠯᠠᠬᠤ | ᠰᠢᠰᠲ᠋ᠧᠮ ᠤᠨ ᠬᠡᠪᠯᠡᠯ ᠳᠡᠩᠳᠡᠭᠦᠦ ᠳᠣᠣᠷ᠎ᠠ ᠪᠤᠶᠤ ᠬᠠᠶᠢᠭᠤᠷ ᠤᠨ ᠬᠡᠪᠯᠡᠯ ᠳᠡᠩᠳᠡᠭᠦᠦ ᠳᠣᠣᠷ᠎ᠠ ᠪᠠᠶᠢᠬᠤ ᠠᠴᠠ | ᠪᠣᠯᠤᠭᠰᠠᠨ ᠪᠠᠶᠢᠵᠤ ᠮᠡᠳᠡᠨ᠎ᠠ᠂ ᠡᠶᠢᠮᠦ ᠠᠴᠠ ᠤᠯᠠᠨ ᠢᠶᠠᠷ ᠢᠶᠠᠨ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠶᠢ ᠳᠡᠰ | ᠳᠡᠪᠰᠢᠭᠦᠯᠵᠦ᠂ ᠬᠠᠶᠢᠭᠤᠷ ᠤᠨ ᠬᠡᠪᠯᠡᠯ ᠢ ᠰᠣᠯᠢᠬᠤ ᠪᠤᠶᠤ ᠳᠡᠰ ᠳᠡᠪᠰᠢᠭᠦᠯᠦᠭᠡᠳ ᠳᠠᠬᠢᠨ ᠲᠤᠷᠰᠢᠵᠤ ᠦᠵᠡᠬᠦ | ᠴᠢᠬᠤᠯᠠᠲᠠᠢ᠃ ᠮᠡᠳᠡᠭᠦᠯᠬᠦ ᠬᠦᠰᠦᠨᠦᠭᠲᠦ ᠶᠢ ᠲᠠᠭᠯᠠᠬᠤ ᠦᠶ᠎ᠡ ᠳᠤ᠂ ᠡᠯ᠎ᠡ ᠵᠦᠢᠯ ᠤᠨ ᠭᠠᠶᠢᠯᠢ ᠶᠢᠨ ᠲᠥᠷᠥᠯ ᠤᠨ | ᠮᠡᠳᠡᠭᠦᠯᠬᠦ ᠬᠦᠰᠦᠨᠦᠭᠲᠦ ᠶᠢᠨ ︽ᠬᠦᠰᠦᠨᠦᠭᠲᠦ ᠶᠢᠨ ᠦᠯᠢᠭᠡᠷ︾ ᠢ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠠᠴᠠ ᠨᠢᠭᠡᠳᠦᠯᠲᠡᠢ ᠵᠣᠬᠢᠶᠠᠵᠤ ᠲᠠᠷᠬᠠᠭᠠᠭᠰᠠᠨ ᠪᠣᠯᠬᠤᠷ᠂ ᠲᠡᠭᠦᠨ ᠳᠤ ᠵᠣᠬᠢᠬᠤ ᠬᠡᠮᠵᠢᠶᠡᠨ ᠤ ᠲᠤᠰᠬᠠᠢ | ᠮᠡᠷᠭᠡᠵᠢᠯ ᠤᠨ ᠴᠢᠨᠠᠷ ᠪᠠ ᠪᠤᠳᠤᠯᠢᠶᠠᠨᠲᠤ ᠴᠢᠨᠠᠷ ᠲᠠᠢ᠂ ᠲᠡᠷᠡᠴᠢᠯᠡᠨ ᠭᠠᠶᠢᠯᠢ ᠲᠠᠲᠠᠪᠤᠷᠢ ᠶᠢᠨ ᠲᠥᠷᠥ ᠶᠢᠨ | ᠪᠣᠳᠣᠯᠭ᠎ᠠ ᠶᠢᠨ ᠰᠢᠨᠡᠴᠢᠯᠡᠯᠲᠡ ᠶᠢᠨ ᠳᠠᠪᠲᠠᠮᠵᠢ ᠨᠢ ᠥᠨᠳᠥᠷ᠂ ᠠᠭᠤᠯᠭ᠎ᠠ ᠨᠢ ᠣᠯᠠᠨ ᠪᠣᠯᠬᠤᠷ ᠮᠡᠳᠡᠭᠦᠯᠬᠦ | ᠬᠦᠰᠦᠨᠦᠭᠲᠦ ᠳᠤ ᠴᠦ ᠬᠤᠪᠢᠷᠠᠯᠲᠠ ᠭᠠᠷᠴᠤ᠂ ᠲᠡᠭᠦᠨ ᠤ ᠪᠤᠳᠤᠯᠢᠶᠠᠨᠲᠤ ᠴᠢᠨᠠᠷ ᠨᠢ ᠵᠠᠶᠢᠯᠠᠰᠢ ᠦᠭᠡᠢ ᠪᠠᠶᠢᠳᠠᠭ᠂ | ᠭᠡᠪᠡᠴᠦ ᠪᠢᠳᠡ ᠪᠠᠰᠠ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠲᠥᠬᠦᠮ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ ᠪᠠᠶᠢᠨ᠎ᠠ᠂ ᠣᠳᠣᠬᠠᠨ ᠳᠤ᠂ ᠮᠠᠨ ᠤ ᠠᠷᠪᠠᠨ ᠡᠳ᠋ ᠤᠨ ᠵᠠᠰᠠᠭ ᠪᠠᠩᠬᠢ ᠶᠢᠨ ᠭᠠᠶᠢᠯᠢ ᠶᠢ ᠨᠢᠭᠡᠨᠲᠡ | ᠨᠢᠭᠡ ᠬᠠᠭᠤᠳᠠᠰᠤ ᠮᠡᠳᠡᠭᠦᠯᠬᠦ ᠬᠦᠰᠦᠨᠦᠭᠲᠦ ᠪᠣᠯᠭᠠᠨ ᠨᠡᠶᠢᠯᠡᠭᠦᠯᠵᠦ᠂ ᠥᠷᠲᠡᠭ ᠨᠡᠮᠡᠭᠳᠡᠯ ᠤᠨ ᠭᠠᠶᠢᠯᠢ᠂ | ᠬᠡᠷᠡᠭᠯᠡᠭᠡᠨ ᠤ ᠭᠠᠶᠢᠯᠢ ᠶᠢ ᠴᠤ ᠲᠣᠰ ᠲᠣᠰ ᠲᠡᠭᠦᠨ ᠤ ᠳᠠᠭᠠᠯᠲᠠ ᠭᠠᠶᠢᠯᠢ ᠲᠠᠢ ᠲᠣᠰ ᠲᠣᠰ ᠮᠡᠳᠡᠭᠦᠯᠬᠦ | ᠬᠦᠰᠦᠨᠦᠭᠲᠦ ᠶᠢ ᠡᠮᠬᠢᠯᠡᠨ ᠨᠡᠶᠢᠯᠡᠭᠦᠯᠪᠡ᠃ | ᠬᠤᠶᠠᠳᠤᠭᠠᠷ ᠲᠤ᠂ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠵᠦᠢᠯᠡᠰ ᠢ ᠴᠦ ᠤᠯᠠᠮ ᠨᠢᠭᠡ | ᠠᠯᠬᠤᠮ ᠰᠢᠯᠢᠳᠡᠭᠵᠢᠭᠦᠯᠪᠡ᠃ ᠶᠡᠷᠦᠳᠡ ᠶᠢᠨ ᠲᠤᠩᠭᠠᠯᠠᠭ | ᠭᠠᠶᠢᠯᠢ ᠶᠢ ᠬᠦᠴᠦᠨ ᠦᠭᠡᠢ ᠪᠣᠯᠭᠠᠬᠤ᠂ ᠭᠠᠶᠢᠯᠢ ᠪᠤᠴᠠᠭᠠᠬᠤ ᠶᠢ ᠭᠦᠢᠴᠡᠳᠬᠡᠬᠦ᠂ ᠢᠲᠡᠭᠡᠮᠵᠢ ᠶᠢᠨ ᠦᠨᠡᠯᠡᠯᠲᠡ | ᠬᠢᠬᠦ ᠵᠡᠷᠭᠡ 233 ᠵᠦᠢᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠣᠨ᠎ᠠ᠂ | ᠠᠯᠠᠭᠠᠨ ᠤ ᠠᠯᠪᠠᠨ ᠭᠡᠷ᠂ ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ᠵᠡᠷᠭᠡ ︽ᠥᠯᠥ | ᠬᠦᠷᠦᠯᠴᠡᠬᠦ ᠬᠡᠯᠪᠡᠷᠢ︾ ᠶᠢᠨ ᠠᠷᠭ᠎ᠠ ᠮᠠᠶ᠋ᠢᠭ ᠢᠶᠠᠷ ᠭᠦᠢᠴᠡᠳᠬᠡᠪᠡᠯ ︽ᠨᠢᠭᠡ ᠴᠦ ᠤᠳᠠᠭ᠎ᠠ ᠬᠢᠬᠦ ᠦᠭᠡᠢ︾ | ᠪᠠᠶᠢᠬᠤ ᠶᠢ ᠪᠡᠶᠡᠯᠡᠭᠦᠯᠵᠦ ᠪᠣᠯᠣᠨ᠎ᠠ | ︽ᠳᠥᠭᠦᠮ ᠳᠥᠲᠡ ᠦᠷ᠎ᠡ ᠪᠦᠲᠦᠮᠵᠢ ᠣᠯᠬᠤ ᠬᠡᠷᠡᠭᠲᠡᠢ᠃ ᠡᠭᠦᠨ ᠠᠴᠠ ᠭᠠᠳᠠᠨ᠎ᠠ ᠪᠠᠰᠠ 184 ᠵᠦᠢᠯ ᠤᠨ | ᠲᠤᠬᠠᠶᠢᠯᠠᠭᠰᠠᠨ ᠠᠵᠢᠯ ᠨᠢ ᠰᠦᠯᠵᠢᠶᠡᠨ ᠭᠠᠳᠠᠨ᠎ᠠ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠳᠡᠭᠡᠷ᠎ᠡ | ᠭᠦᠢᠴᠡᠳᠬᠡᠬᠦ︾ ᠶᠠᠪᠤᠳᠠᠯ ᠢ ᠪᠡᠶᠡᠯᠡᠭᠦᠯᠵᠦ ᠴᠢᠳᠠᠨ᠎ᠠ᠃ ᠠᠳᠡ᠂ ᠣᠯᠠᠨ ᠢᠶᠠᠷ ᠢᠶᠠᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠰᠦᠯᠵᠢᠶ᠎ᠡ ᠪᠠᠷ | ᠳᠠᠮᠵᠢᠭᠤᠯᠤᠨ ︽ᠬᠠᠮᠤᠭ ᠤᠨ ᠣᠯᠠᠨ ᠳᠠᠭᠠᠨ ᠨᠢᠭᠡ ᠤᠳᠠᠭ᠎ᠠ ᠭᠦᠶᠦᠬᠦ︾ ᠲᠤᠬᠠᠶᠢᠯᠠᠭᠰᠠᠨ ᠠᠵᠢᠯ ᠤᠨ ᠵᠢᠭᠠᠯᠲᠠ ᠶᠢ | ᠪᠠᠶᠢᠴᠠᠭᠠᠨ ᠦᠵᠡᠬᠦ ᠶᠢ ᠰᠠᠨᠠᠭᠤᠯᠵᠤ ᠪᠠᠶᠢᠨ᠎ᠠ᠂ ᠡᠭᠦᠨ ᠳᠤ ᠲᠥᠷᠥᠯ ᠬᠤᠪᠢᠶᠠᠭᠰᠠᠨ ᠲᠤᠬᠠᠶᠢᠯᠠᠭᠰᠠᠨ ᠠᠵᠢᠯ ᠤᠨ | ᠠᠵᠢᠯᠯᠠᠭᠠᠨ ᠤ ᠨᠠᠷᠢᠨ ᠲᠣᠳᠣᠷᠬᠠᠢ ᠵᠢᠯᠣᠭᠤᠳᠤᠮᠵᠢ ᠲᠠᠢ ᠪᠠᠶᠢᠬᠤ ᠬᠡᠷᠡᠭᠲᠡᠢ᠃ | ᠲᠡᠷᠡ ᠮᠥᠷᠲᠡᠭᠡᠨ ᠮᠠᠨ ᠤ ᠬᠤᠤᠯᠢᠩᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠢᠯᠡ | ᠭᠠᠶᠢᠯᠢ ᠶᠢᠨ ᠠᠰᠠᠷ︾ ᠤᠨ ᠡᠯᠧᠺᠲᠷᠣᠨ ᠰᠤᠷᠤᠯᠴᠠᠯᠭ᠎ᠠ ᠶᠢᠨ ᠲᠠᠪᠴᠠᠩ ᠴᠤ ᠣᠯᠠᠨ ᠳᠤ ᠬᠠᠮᠢᠶ᠎ᠠ ᠪᠦᠬᠦᠢ | ᠵᠦᠭᠯᠡᠭᠦᠷ ᠢ ᠨᠡᠶᠢᠲᠡᠯᠡᠵᠦ᠂ ᠥᠰᠥᠭ ᠪᠢᠴᠢᠭ᠂ ᠵᠢᠷᠤᠭ᠂ ᠸᠢᠳᠢᠤ᠋ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ | ᠭᠠᠶᠢᠯᠢ ᠲᠤᠰᠢᠶᠠᠭᠴᠢ ᠶᠢᠨ ᠰᠦᠢᠳᠬᠡᠯ ᠲᠤᠰᠢᠶᠠᠭᠴᠢ ᠳᠤ ᠣᠯᠠᠨ ᠠᠷᠭ᠎ᠠ ᠵᠠᠮ᠂ ᠣᠯᠠᠨ ᠶᠠᠩᠵᠤ ᠶᠢᠨ᠂ ᠣᠯᠠᠨ | ᠵᠦᠢᠯ ᠤᠨ ᠭᠠᠶᠢᠯᠢ ᠶᠢᠨ ᠲᠥᠷᠥᠯ ᠤᠨ ᠨᠠᠷᠢᠯᠢᠭ ᠣᠨᠣᠴᠠᠲᠠᠢ ᠬᠠᠪᠰᠤᠷᠤᠨ ᠵᠢᠯᠤᠭᠤᠳᠬᠤ ᠮᠠᠲ᠋ᠧᠷᠢᠶᠠᠯ ᠬᠠᠩᠭᠠᠬᠤ | ᠪᠣᠯᠣᠨ᠎ᠠ᠃ ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠬᠤ ᠪᠠᠷ ᠳᠠᠮᠵᠢᠭᠤᠯᠤᠨ ᠠᠷᠠᠳ ᠠᠴᠠ ᠡᠷᠭᠢᠯᠡᠭᠰᠡᠨ ᠭᠠᠶᠢᠯᠢ ᠳᠤ ᠲᠥᠬᠦᠮ ᠦᠵᠡᠭᠦᠯᠬᠦ ᠤᠷᠢᠬᠠᠨ | ᠬᠠᠪᠤᠷ ᠤᠨ ᠰᠠᠯᠬᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢ ᠢᠲᠡᠭᠡᠵᠦ ᠪᠠᠶᠢᠨ᠎ᠠ ᠭᠡᠵᠡᠢ᠃ | ᠬᠥᠲᠥᠯᠥᠭᠴᠢ᠄ | ᠵᠠ᠂ ᠯᠢᠦ ᠲᠣᠪᠴᠢᠶᠠᠨ ᠳᠠᠷᠤᠭ᠎ᠠ ᠶᠢᠨ ᠮᠠᠳᠠᠭ ᠲᠠᠢ ᠠᠰᠠᠭᠤᠯᠲᠠ ᠶᠢ ᠲᠠᠢᠯᠪᠤᠷᠢᠯᠠᠵᠤ ᠥᠭᠭᠦᠭᠰᠡᠨ ᠳᠤ ᠲᠣᠩ | ᠲᠠᠯᠠᠷᠬᠠᠵᠤ ᠪᠠᠢᠨ᠎ᠠ᠂ ᠲᠠᠨ ᠤ ᠣᠷᠣᠯᠴᠠᠭᠰᠠᠨ ᠳᠤ ᠲᠠᠯᠠᠷᠬᠠᠵᠤ ᠪᠠᠢᠨ᠎ᠠ᠂ ᠪᠠᠶᠠᠷᠲᠠᠢ! | | | | | | | | |