︽ᠨᠠᠮ ᠤᠨ ᠪᠠᠶᠢᠭᠤᠯᠤᠯᠲᠠ + ᠠᠵᠢᠯ ᠣᠯᠭᠤᠯᠲᠠ ᠦᠢᠯᠡᠰ ᠪᠣᠰᠬᠠᠬᠤ︾ ᠨᠢ ᠰᠡᠳᠬᠢᠯ ᠵᠢᠷᠦᠬᠡ ᠶᠢ | ᠳᠤᠯᠠᠭᠠᠴᠠᠭᠤᠯᠤᠨ᠎ᠠ᠃ ᠨᠠᠮ ᠤᠨ ᠪᠠᠶᠢᠭᠤᠯᠤᠯᠲᠠ ᠪᠠᠷ ᠪᠦᠬᠦ ᠲᠠᠯ᠎ᠠ ᠶᠢᠨ᠂ ᠤᠯᠠᠨ ᠠᠷᠭ᠎ᠠ ᠵᠠᠮ ᠢᠶᠠᠷ ᠠᠵᠢᠯ ᠣᠯᠭᠤᠬᠤ | ᠦᠢᠯᠡᠰ ᠪᠣᠰᠬᠠᠬᠤ ᠦᠢᠯᠡᠴᠢᠯᠡᠭᠡᠨ ᠤ ᠠᠵᠢᠯ ᠢ ᠶᠡᠷᠦᠩᠬᠡᠶᠢᠯᠡᠨ ᠡᠵᠡᠮᠳᠡᠬᠦ ᠰᠡᠳᠬᠢᠴᠡ ᠪᠠᠷ ᠠᠵᠤ ᠠᠬᠤᠶᠢᠯᠠᠯ ᠤᠨ | ᠠᠵᠢᠯᠴᠢᠨ ᠡᠯᠰᠡᠬᠦ ᠴᠢᠳᠠᠪᠤᠷᠢᠲᠠᠨ ᠲᠠᠲᠠᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ | ᠳᠡᠭᠡᠷᠡᠬᠢ + ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ᠎ᠡ᠃ | 2023 ᠣᠨ ᠤ ᠪᠥᠬᠦ ᠵᠢᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ | ᠴᠤᠭᠯᠠᠭᠠᠨ ᠢ 28 ᠤᠳᠠᠭ᠎ᠠ ᠡᠷᠭᠢᠯᠡᠪᠡ᠂ ᠡᠭᠦᠨ ᠳᠤ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ | ᠴᠤᠭᠯᠠᠭᠠᠨ ᠢ 22 ᠤᠳᠠᠭ᠎ᠠ ᠡᠷᠭᠢᠯᠡᠪᠡ᠃ ᠨᠡᠶᠢᠲᠡ 6500 ᠭᠠᠷᠤᠢ ᠠᠵᠢᠯ ᠤᠨ ᠪᠠᠶᠢᠷᠢ ᠬᠠᠩᠭᠠᠵᠤ᠂ ᠰᠦᠯᠵᠢᠶᠡᠨ | ᠳᠡᠭᠡᠷᠡᠬᠢ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠤᠨ ᠠᠵᠢᠯᠲᠠᠨ ᠡᠯᠰᠡᠬᠦ ᠠᠵᠢᠯᠯᠠᠭ᠎ᠠ ᠶᠢ 6 | ᠲᠠᠯᠠᠪᠤᠷ ᠬᠢᠵᠦ᠂ ᠨᠡᠶᠢᠲᠡ 3132 ᠠᠵᠢᠯ ᠤᠨ ᠪᠠᠶᠢᠷᠢ ᠬᠠᠩᠭᠠᠵᠤ᠂ ᠨᠡᠶᠢᠲᠡ 2081 ᠠᠵᠤ ᠠᠬᠤᠶᠢᠯᠠᠯ ᠤᠨ | ᠠᠵᠢᠯ ᠤᠨ ᠪᠠᠶᠢᠷᠢ ᠳᠤ ᠤᠷᠢᠵᠤ ᠭᠠᠷᠭᠠᠭᠰᠠᠨ ᠪᠠᠶᠢᠨ᠎ᠠ᠂ ᠡᠭᠦᠨ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠠᠴᠠ ᠳᠡᠭᠡᠭᠰᠢᠬᠢ ᠲᠡᠭᠦᠰᠦᠭᠰᠡᠳ 451 ᠪᠠᠶᠢᠨ᠎ᠠ᠃ ᠣᠷᠣᠨ ᠪᠦᠰᠡ ᠶᠢᠨ ᠬᠥᠳᠡᠯᠮᠦᠷᠢ | ᠦᠢᠯᠡᠴᠢᠯᠡᠭᠡᠨ ᠤ ᠠᠵᠤ ᠠᠬᠤᠢ ᠶᠢ ᠵᠣᠯᠭᠠᠭᠤᠯᠬᠤ ᠵᠠᠮ ᠢ ᠨᠠᠪᠲᠠᠷᠡᠭᠦᠯᠵᠦ᠂ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠬᠤ ᠲᠣᠭᠲᠠᠴᠠ ᠶᠢ ᠥᠷᠭᠡᠳᠬᠡᠨ᠂ ᠲᠦᠴᠢᠦᠸᠠᠨ ᠰᠢᠶᠠᠨ᠂ ᠬᠦᠷᠢᠶ᠎ᠡ ᠬᠤᠰᠢᠭᠤ ᠵᠡᠷᠭᠡ ᠭᠠᠵᠠᠷ ᠯᠤᠭ᠎ᠠ | ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠬᠤ ᠬᠠᠷᠢᠴᠠᠭ᠎ᠠ ᠶᠢ ᠪᠠᠶᠢᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠡᠯ᠎ᠡ ᠲᠥᠷᠥᠯ ᠤᠨ ᠪᠣᠯᠪᠠᠰᠤᠷᠠᠭᠤᠯᠤᠯ ᠢ 4000 ᠬᠥᠮᠥᠨ ᠤᠳᠠᠭ᠎ᠠ ᠥᠷᠨᠢᠭᠦᠯᠵᠦ᠂ ᠨᠠᠷᠢᠯᠢᠭ | ᠵᠦᠢᠯ ᠢ ᠨᠠᠶᠢᠳᠠᠪᠤᠷᠢᠵᠢᠭᠤᠯᠤᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ︽ᠠᠵᠢᠯᠴᠢᠨ ᠬᠡᠷᠡᠭᠯᠡᠬᠦ ᠳᠤ ᠬᠦᠴᠢᠷᠲᠡᠢ | ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ︽ᠨᠠᠮ ᠤᠨ ᠪᠠᠶᠢᠭᠤᠯᠤᠯᠲᠠ + ᠴᠢᠳᠠᠪᠤᠷᠢᠲᠠᠨ ᠢ ᠴᠤᠭᠯᠠᠭᠤᠯᠵᠤ ᠴᠢᠳᠠᠪᠤᠷᠢᠲᠠᠨ ᠢ ᠲᠠᠲᠠᠬᠤ︾ᠰᠡᠳᠬᠢᠯ | ᠲᠠᠯᠪᠢᠨ᠎ᠠ᠃ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ | ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂︽ᠳᠦᠷᠦ ᠶᠢᠨ ᠪᠣᠳᠣᠯᠭ᠎ᠠ ᠶᠢ ᠲᠣᠭᠲᠠᠭᠠᠬᠤ᠂ ᠠᠷᠭ᠎ᠠ ᠵᠠᠮ ᠢ ᠥᠷᠭᠡᠳᠬᠡᠬᠦ᠂ | ᠦᠢᠯᠡᠴᠢᠯᠡᠭᠡ ᠶᠢ ᠰᠢᠯᠢᠳᠡᠭᠵᠢᠭᠦᠯᠬᠦ︾ᠲᠣᠭᠤᠷᠢᠨ ᠳᠤ ᠴᠢᠳᠠᠪᠤᠷᠢᠲᠠᠨ ᠢ ᠲᠠᠲᠠᠬᠤ ᠪᠣᠭᠤᠮᠢ ᠶᠢ ᠠᠷᠭ᠎ᠠ ᠪᠠᠷ | ᠰᠢᠢᠳᠪᠦᠷᠢᠯᠡᠪᠡ᠃ 2023 ᠣᠨ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠢᠯᠡ ᠪᠠᠷ ᠤᠷᠢᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠡᠯ᠎ᠡ ᠲᠥᠷᠥᠯ ᠤᠨ 105 ᠴᠢᠳᠠᠪᠤᠷᠢᠲᠠᠨ ᠢ ᠡᠯᠰᠡᠪᠡ︔ ᠬᠤᠲᠠ ᠶᠢᠨ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠲᠠᠢ ᠬᠠᠮᠵᠢᠯᠴᠠᠨ 8 ᠠᠵᠢᠯᠲᠠᠨ ᠤᠷᠢᠨ ᠬᠡᠷᠡᠭᠯᠡᠵᠦ᠂ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠵᠢᠯᠴᠠᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ | ᠭᠠᠯ ᠤᠨᠲᠠᠷᠠᠭᠠᠬᠤ ᠥᠷᠲᠡᠭᠡᠨ ᠤ 32 ᠠᠵᠢᠯᠲᠠᠨ ᠢ ᠤᠷᠢᠨ ᠬᠡᠷᠡᠭᠯᠡᠨ᠎ᠡ᠃ ︽ᠬᠤᠥᠯᠢᠨ ᠭᠤᠣᠯ ᠬᠤᠲᠠ ᠶᠢᠨ | ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ᠶᠢ | ᠲᠣᠭᠲᠠᠭᠠᠨ ᠬᠡᠷᠡᠭᠵᠢᠭᠦᠯᠵᠦ᠂ 48 ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠨᠠᠷᠢᠨ ᠨᠢᠮᠪᠠᠢ ᠪᠠᠶᠢᠭᠤᠯᠵᠤ᠂ | ᠵᠠᠯᠠᠭᠤ ᠴᠢᠳᠠᠪᠤᠷᠢᠲᠠᠨ ᠤ ᠠᠮᠤᠷ ᠲᠠᠶᠢᠪᠤᠩ ᠠᠵᠢᠯ ᠦᠢᠯᠡᠰ ᠲᠤ ᠬᠦᠴᠦ ᠨᠡᠮᠡᠷᠢᠯᠡᠪᠡ᠃ |