ᠨᠢᠭᠡ᠂ ᠠᠬᠤᠢ ᠪᠠᠶᠢᠳᠠᠯ ᠤᠨ ᠦᠨᠳᠦᠰᠦᠯᠡᠯ | ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠠᠷᠠᠳ ᠣᠯᠠᠨ ᠤ ᠵᠣᠯ ᠵᠢᠷᠭᠠᠯ ᠤᠨ ᠮᠡᠳᠡᠷᠡᠮᠵᠢ ᠶᠢ ᠳᠡᠭᠡᠭᠰᠢᠯᠡᠭᠦᠯᠦᠨ᠂ ᠬᠤᠲᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠶᠢᠨ ᠶᠡᠷᠦᠩᠬᠡᠢ ᠴᠢᠳᠠᠮᠵᠢ ᠶᠢ | ᠥᠷᠭᠡᠳᠬᠡᠨ᠂ ᠬᠤᠲᠠ ᠶᠢᠨ ᠴᠢᠨᠠᠷ ᠴᠢᠨᠰᠠᠭᠠᠲᠦ ᠳᠦᠷᠢ ᠲᠥᠷᠬᠦ ᠶᠢ ᠪᠣᠶ ᠪᠣᠯᠭᠠᠵᠤ᠂ ᠬᠤᠤᠯᠢᠩᠭᠤᠤᠯ ᠬᠤᠲᠠ ᠶᠢᠨ | ᠠᠵᠤ ᠠᠬᠤᠢ᠂ ᠨᠡᠶᠢᠭᠡᠮ᠂ ᠣᠷᠴᠢᠨ ᠲᠣᠭᠤᠷᠢᠨ ᠬᠢᠭᠡᠳ ᠬᠥᠮᠥᠨ ᠤ ᠵᠣᠬᠢᠴᠠᠩᠭᠤᠢ ᠪᠠ ᠦᠷᠭᠦᠯᠵᠢᠯᠡᠬᠦ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠤᠯᠤᠰ ᠤᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠪᠠᠷ ᠲᠣᠭᠲᠠᠪᠠ᠃ | ᠬᠤᠶᠠᠷ᠂ ᠠᠵᠢᠯ ᠤᠨ ᠬᠠᠷᠠᠯᠲᠠ | ᠬᠤᠶᠠᠷ ᠵᠢᠯ ︵2023 ︱ 2024 ᠣᠨ︶ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ ᠬᠤᠲᠠ ᠶᠢᠨ | ᠰᠠᠭᠤᠷᠢ ᠪᠡᠯᠡᠳᠬᠡᠮᠵᠢ ᠶᠢ ᠪᠦᠷᠢᠨ ᠲᠡᠭᠦᠯᠳᠡᠷ᠂ ᠬᠤᠲᠠ ᠶᠢᠨ ᠴᠢᠳᠠᠮᠵᠢ ᠶᠢ ᠪᠦᠷᠢᠨ ᠲᠡᠭᠦᠯᠳᠡᠷ᠂ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠭᠤᠶᠢᠳᠠ ᠰᠠᠶᠢᠬᠠᠨ᠂ ᠬᠤᠲᠠ ᠶᠢᠨ ᠠᠷᠠᠳ ᠤᠨ ᠬᠡᠪ ᠪᠣᠯᠪᠠᠰᠤᠷᠠᠯ ᠢ | ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠵᠦ᠂ ︽ᠤᠯᠤᠰ ᠤᠨ ᠠᠷᠢᠭᠤᠨ ᠴᠡᠪᠡᠷ ᠬᠤᠲᠠ ᠪᠠ ᠤᠯᠤᠰ ᠤᠨ ᠠᠷᠢᠭᠤᠨ | ᠴᠡᠪᠡᠷ ᠰᠢᠶᠠᠨ ᠤ ᠪᠠᠷᠢᠮᠵᠢᠶ᠎ᠠ ︵2021 ᠳ᠋ᠦ᠋ᠭᠡᠷ ᠬᠡᠪ︶︾ ᠤᠨ ᠱᠠᠭᠠᠷᠳᠠᠯᠭ᠎ᠠ ᠳᠤ ᠪᠥᠬᠦ ᠲᠠᠯ᠎ᠠ ᠪᠠᠷ ᠬᠦᠷᠦᠭᠦᠯᠵᠦ | ᠂ ᠤᠯᠤᠰ ᠤᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠳᠤ ᠳᠡᠭᠡᠳᠦ ᠱᠠᠲᠤᠨ ᠤ ᠰᠢᠯᠭᠠᠨ ᠠᠪᠬᠤ ᠶᠢ | ᠥᠩᠭᠡᠷᠡᠭᠡᠬᠦ ᠶᠢᠨ ᠬᠠᠮᠲᠤ ᠨᠡᠷᠡᠶᠢᠳᠬᠦ ᠶᠢ ᠦᠨᠡᠨᠬᠦ ᠪᠠᠲᠤᠯᠠᠨ᠎ᠠ᠃ | ᠭᠤᠷᠪᠠ᠂ ᠠᠵᠢᠯ ᠤᠨ ᠠᠭᠤᠯᠭ᠎ᠠ | ︵ᠨᠢᠭᠡ︶ ᠬᠤᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠷᠳᠤ ᠣᠬᠤᠷ ᠬᠤᠯᠠ | ᠣᠶᠢᠷ᠎ᠠ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ | ᠲᠡᠭᠡᠭᠡᠪᠦᠷᠢᠯᠡᠬᠦ ᠦᠷᠳᠡᠭᠡ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ᠂ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠰᠠᠶᠢᠲᠤᠷ | ᠠᠳᠬᠤᠵᠤ᠂ ᠬᠤᠳᠠ ᠶᠢᠨ ᠬᠤᠭ ᠨᠣᠪᠰᠢ ᠶᠢ ᠰᠢᠢᠳᠪᠦᠷᠢᠯᠡᠬᠦ ᠨᠤᠷᠮ᠎ᠠ᠂ ᠠᠮᠢᠳᠤᠷᠠᠯ ᠤᠨ ᠬᠤᠭ ᠨᠣᠪᠰᠢ ᠶᠢ ᠲᠦᠷᠦᠯ | ᠬᠤᠪᠢᠶᠠᠨ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠰᠢᠰᠲ᠋ᠧᠮ ᠪᠠ ᠬᠠᠶᠠᠭᠳᠠᠮᠠᠯ ᠬᠠᠭᠤᠴᠢᠨ ᠡᠳ᠋ ᠪᠣᠳᠠᠰ ᠢ | ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠲᠡᠭᠦᠯᠳᠡᠷᠵᠢᠭᠦᠯᠬᠦ ᠶᠢ ᠮᠡᠳᠡᠭᠳᠡᠬᠦᠶᠢᠴᠡ ᠳᠡᠭᠡᠭᠰᠢᠯᠡᠭᠦᠯᠵᠦ᠂ | ᠬᠤᠳᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠨ᠎ᠡ᠃ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ ᠳᠤᠷ᠎ᠠ ᠪᠠᠷ ᠢᠶᠠᠨ ᠪᠠᠶᠢᠭᠤᠯᠵᠤ᠂ ᠳᠤᠷ᠎ᠠ ᠪᠠᠷ ᠢᠶᠠᠨ | ᠣᠪᠣᠭᠠᠯᠠᠵᠤ ᠳᠤᠷ᠎ᠠ ᠪᠠᠷ ᠢᠶᠠᠨ ᠳᠡᠯᠭᠡᠬᠦ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ | ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠬᠠᠶᠠᠬᠤ ᠵᠡᠷᠭᠡ ᠦᠵᠡᠭᠳᠡᠯ ᠢ ᠦᠭᠡᠢ | ᠪᠣᠯᠭᠠᠬᠤ ᠬᠡᠷᠡᠭᠲᠡᠢ᠃ ᠬᠤᠳᠠ ᠶᠢᠨ ᠨᠣᠭᠤᠭᠠᠷᠠᠭᠤᠯᠬᠤ ᠲᠠᠯᠠᠪᠠᠢ ᠶᠢ ᠨᠡᠮᠡᠭᠳᠡᠭᠦᠯᠵᠦ᠂ ᠬᠤᠳᠠ ᠶᠢᠨ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ᠃ | ︵ᠬᠤᠶᠠᠷ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠵᠠᠰᠠᠬᠤ ᠪᠠᠷ | ᠰᠢᠪᠲᠤᠯᠤᠯᠲᠠ ᠶᠢᠨ ᠴᠡᠭ ᠪᠣᠯᠭᠠᠵᠤ᠂ ᠭᠡᠷ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠴᠥᠬᠦᠷᠡᠰᠢ ᠦᠭᠡᠢ ᠶᠡᠬᠡᠪᠡᠷ ᠬᠢᠵᠦ᠂ ᠣᠷᠴᠢᠨ ᠲᠣᠭᠤᠷᠢᠨ ᠤ ᠪᠣᠬᠢᠷᠲᠤᠯ ᠢ | ᠪᠦᠲᠦᠮᠵᠢᠲᠡᠶ ᠵᠠᠰᠠᠵᠤ᠂ ᠠᠷᠢᠭᠤᠨ ᠴᠡᠪᠡᠷ ᠭᠤᠶᠢᠳᠠ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠪᠠᠲᠤᠯᠠᠨ᠎ᠠ᠃ | ᠬᠤᠯᠤᠭᠠᠨ᠎ᠠ ᠤᠰᠠᠳᠬᠠᠬᠤ ᠪᠠᠷ ᠭᠤᠣᠯᠳᠠᠯᠭ᠎ᠠ ᠪᠣᠯᠭᠠᠭᠰᠠᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ | ᠵᠠᠰᠠᠬᠤ ᠠᠵᠢᠯ ᠢ ᠭᠦᠨᠵᠡᠭᠡᠢ ᠪᠥᠭᠡᠳ ᠨᠠᠷᠢᠯᠢᠭ ᠬᠢᠵᠦ ᠪᠣᠳᠠᠲᠠᠶᠢᠵᠢᠭᠤᠯᠵᠤ᠂ ᠰᠢᠪᠠᠵᠢ ᠶᠢᠨ ᠵᠠᠭᠤᠴᠢ ᠠᠴᠠ | ᠡᠭᠦᠰᠦᠭᠰᠡᠨ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠡᠬᠢ ᠰᠤᠷᠪᠤᠯᠵᠢ ᠵᠢᠴᠢ ᠬᠠᠯᠳᠠᠪᠤᠷᠢᠯᠠᠬᠤ ᠠᠷᠭ᠎ᠠ ᠵᠠᠮ ᠢ | ᠲᠡᠰᠦᠯᠦᠨᠡ᠃ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠵᠢᠷᠤᠮᠵᠢᠭᠰᠠᠨ ᠬᠠᠮᠢᠶᠠᠷᠤᠯᠲᠠ ᠵᠢᠴᠢ | ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ | ︵ᠭᠤᠷᠪᠠ︶ ᠢᠳᠡᠭᠡᠨ ᠵᠢᠴᠢ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠴᠢᠩᠭᠠᠳᠬᠠᠨ᠎ᠠ᠃ | ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠢᠳᠡᠭᠡᠨ ᠤ ᠠᠶᠤᠯ ᠦᠭᠡᠢ ᠶᠢᠨ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠢᠳᠡᠭᠡᠨ ᠤ | ᠠᠶᠤᠯ ᠦᠭᠡᠢ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠢᠳᠡᠭᠡᠨ ᠤ ᠠᠶᠤᠯ ᠦᠭᠡᠢ ᠶᠢᠨ | ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠢᠳᠡᠭᠡᠨ ᠤ ᠠᠶᠤᠯ ᠦᠭᠡᠢ ᠶᠢᠨ ᠬᠢᠨᠠᠯᠲᠠ | ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠵᠦ᠂ ᠢᠳᠡᠭᠡᠨ ᠤ ᠠᠶᠤᠯ ᠦᠭᠡᠢ ᠨᠡᠶᠢᠭᠡᠮ ᠤᠨ ᠬᠠᠮᠲᠤᠪᠡᠷ ᠵᠠᠰᠠᠬᠤ | ᠰᠢᠰᠲ᠋ᠧᠮᠵᠢ ᠶᠢ ᠪᠠᠶᠢᠭᠤᠯᠤᠨ᠎ᠠ᠃ ᠬᠤᠲᠠ ᠲᠣᠭᠤᠷᠢᠭ ᠤᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ | ᠴᠡᠪᠡᠷ ᠤᠨ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠮᠢᠳᠤᠷᠠᠯ ᠤᠨ ᠤᠤᠭᠤᠬᠤ ᠤᠰᠤᠨ ᠤ ᠠᠷᠢᠭᠤᠨ | ᠴᠡᠪᠡᠷ ᠠᠶᠤᠯ ᠦᠭᠡᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠠᠶᠤᠯ ᠦᠭᠡᠢ ᠶᠢᠨ ᠤᠷᠳᠤ ᠬᠤᠭᠤᠴᠠᠭᠠᠨ ᠤ ᠦᠷ᠎ᠡ | ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ︵ᠳᠥᠷᠪᠡ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠶᠢ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠣᠬᠢᠷᠲᠤᠯ ᠤᠨ ᠡᠬᠢ ᠰᠤᠷᠪᠤᠯᠵᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠪᠤᠰᠤ ᠪᠠᠷ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠢ | ᠢᠯᠭᠠᠷᠠᠭᠤᠯᠤᠨ ᠴᠡᠭᠴᠡᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠬᠥᠬᠡ ᠣᠭᠲᠠᠷᠭᠤᠢ ᠶᠢᠨ ᠢᠨᠵᠧᠨᠧᠷᠢᠩ | ᠥᠷᠨᠢᠭᠦᠯᠦᠨ᠂ ᠤᠳᠤᠭ᠎ᠠ ᠲᠣᠭᠤᠰᠣᠨ ᠤ ᠪᠣᠬᠢᠷᠲᠤᠯ ᠢ ᠪᠠᠭᠤᠷᠠᠭᠤᠯᠤᠨ᠂ ᠤᠰᠤᠨ ᠰᠤᠷᠪᠤᠯᠵᠢ ᠶᠢ ᠬᠠᠮᠠᠭᠠᠯᠠᠵᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ | ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠦᠨᠳᠦ ᠶᠡᠭᠡ | ᠡ᠊ᠨᠳᠡᠯ ᠤᠨ ᠲᠠᠯᠳᠠ ᠭᠡᠮ ᠢ ᠠᠷᠢᠯᠭᠠᠨ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠪᠠᠷᠢᠮᠵᠢᠶ᠎ᠠ ᠱᠠᠭᠠᠷᠳᠠᠯᠭ᠎ᠠ ᠳᠤ | ᠬᠦᠷᠦᠭᠦᠯᠬᠦ ᠶᠢ ᠦᠨᠡᠨᠬᠦ ᠪᠠᠲᠤᠯᠠᠨ᠎ᠠ᠃ ᠣᠷᠣᠨ ᠪᠦᠰᠡ ᠶᠢᠨ ᠣᠷᠴᠢᠨ ᠲᠣᠭᠤᠷᠢᠨ ᠤ ᠱᠤᠤᠭᠢᠶᠠᠨ ᠢ ᠰᠠᠶᠢᠨ | ᠬᠢᠵᠠᠭᠠᠷᠯᠠᠵᠤ᠂ ᠱᠤᠤᠬᠢᠶ᠎ᠠ ᠳᠠᠭᠤ ᠶᠢ ᠬᠢᠵᠠᠭᠠᠷᠯᠠᠬᠤ ᠣᠷᠣᠨ ᠤ ᠰᠥᠨᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠪᠠᠷᠢᠮᠵᠢᠶ᠎ᠠ ᠳᠤ ᠬᠦᠷᠦᠭᠦᠯᠦᠨ᠎ᠡ᠃ |