ᠰᠢ ᠶᠢᠨ ᠫᠢᠩ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠶᠧᠹ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/11/20
     5 ᠰᠠᠷ᠎ᠠ ᠶᠢᠨ 18 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢ ᠠᠨ ᠳᠤ ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠶᠧᠹ ᠲᠠᠢ ᠬᠡᠯᠡᠯᠴᠡᠭᠡ ᠬᠢᠪᠡ᠃      ᠰᠢ ᠶᠢᠨ ᠫᠢᠩ᠂ ᠨᠢᠳᠤᠨᠤᠨ ᠤ 9 ᠰᠠᠷ᠎ᠠ ᠳᠤ ᠪᠢ ᠦᠽᠪᠤᠺᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠳᠤᠮᠳᠠᠳᠤ ᠦᠽᠪᠤᠺᠰᠲ᠋ᠠᠨ ᠬᠤᠶᠠᠷ ᠲᠠᠯ᠎ᠠ ᠶᠢᠨ ᠳᠠᠪᠬᠤᠷᠭ᠎ᠠ ᠳᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠦᠢᠯᠡᠳᠦᠯᠭᠡᠵᠢᠭᠦᠯᠬᠦ ᠪᠠᠷ ᠬᠠᠮᠲᠤ ᠪᠠᠷ ᠨᠡᠶᠢᠲᠡᠯᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠪᠠᠶᠢᠷᠢ ᠲᠣᠭᠲᠠᠭᠠᠯᠲᠠ ᠶᠢ ᠲᠣᠭᠲᠠᠭᠠᠭᠰᠠᠨ ᠪᠢᠯᠡ᠃ ᠳᠤᠮᠳᠠᠳᠤ ᠤᠯᠤᠰ ᠤᠳᠤ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠦᠽᠪᠤᠺᠰᠲ᠋ᠠᠨ ᠴᠤ ︽ᠰᠢᠨ᠎ᠡ ᠦᠽᠪᠤᠺᠰᠲ᠋ᠠᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠪᠠᠶᠢᠨ᠎ᠠ᠂ ᠬᠤᠶᠠᠷ ᠤᠯᠤᠰ ᠴᠥᠮ ᠥᠭᠡᠷᠡᠴᠢᠯᠡᠯᠲᠡ ᠪᠠ ᠬᠥᠭᠵᠢᠯᠲᠡ ᠶᠢᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠴᠥᠮ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠦᠽᠪᠤᠺᠰᠲ᠋ᠠᠨ ᠤ ᠬᠢᠨ ᠲᠠᠢ ᠬᠠᠮᠲᠤ ᠪᠠᠷ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠦᠽᠪᠤᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠦᠽᠪᠤᠺᠰᠲ᠋ᠠᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠡᠷᠡᠰ ᠳᠡᠮᠵᠢᠵᠦ᠂ ᠦᠽᠪᠤᠺᠰᠲ᠋ᠠᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠡᠷᠡᠰ ᠲᠡᠮᠵᠢᠵᠤ᠂ ᠬᠠᠷᠢᠯᠴᠠᠨ ᠲᠦᠰᠢᠯᠴᠡᠵᠦ᠂ ᠬᠠᠷᠢᠯᠴᠠᠨ ᠬᠦᠨᠳᠦᠳᠬᠡᠭᠰᠡᠨ ᠨᠠᠶᠢᠵᠠ ᠪᠠ ᠬᠠᠨᠢᠲᠠᠨ ᠪᠣᠯᠣᠶ᠎ᠠ᠃ ᠠᠵᠤ ᠠᠬᠤᠢ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠥᠷᠭᠡᠳᠬᠡᠵᠦ᠂ ᠬᠤᠯᠪᠣᠯᠳᠤᠨ ᠨᠡᠪᠲᠡᠷᠡᠯᠴᠡᠬᠦ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠨᠧᠷᠭᠢ ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠣᠷᠣᠨ ᠨᠤᠲᠤᠭ᠂ ᠰᠣᠶᠣᠯ ᠢᠷᠭᠡᠨᠰᠢᠯ ᠪᠣᠯᠣᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠲᠤᠬᠠᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠦᠶ᠎ᠡ᠃ ᠬᠤᠶᠠᠷ ᠲᠠᠯ᠎ᠠ ᠪᠠᠷ ᠢᠶᠠᠨ ᠪᠠᠰᠠ ᠰᠦᠷᠳᠡᠭᠦᠯᠦᠯ ᠢ ᠡᠰᠡᠷᠭᠦᠴᠡᠬᠦ ᠪᠠ ᠭᠠᠷ ᠲᠦᠷᠦᠭᠦ ᠶᠢ ᠡᠰᠡᠷᠭᠦᠴᠡᠬᠦ ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠶ᠎ᠡ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠪᠣᠯ ᠳᠤᠮᠳᠠᠳᠤ ᠤᠯᠤᠰ - ᠳᠤᠮᠳᠠ ᠠᠽᠢᠶ᠎ᠠ ᠶᠢᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠠᠶᠢᠵᠤ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠰᠢᠨ᠎ᠡ ᠴᠠᠭ ᠦᠶ᠎ᠡ ᠶᠢ ᠨᠡᠭᠡᠭᠡᠬᠦ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠦᠽᠪᠤᠺᠰᠲ᠋ᠠᠨ ᠤ ᠬᠢᠨ ᠲᠠᠢ ᠭᠠᠷ ᠬᠤᠯᠪᠣᠨ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠡᠩ ᠨᠢᠭᠲᠠ ᠳᠤᠮᠳᠠᠳᠤ ᠤᠯᠤᠰ - ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃      ᠮᠢᠷᠵᠢᠶᠤᠶᠧᠹ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠡᠨᠡ ᠵᠢᠯ ᠤᠨ ᠳᠤᠮᠳᠠᠳᠤ ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠨᠢ ᠣᠳᠣᠬᠠᠨ ᠤ ᠳᠡᠯᠡᠬᠡᠢ ᠳ᠋ᠠᠬᠢᠨ ᠳᠤ ᠴᠢᠬᠤᠯᠠ ᠠᠴᠢ ᠬᠤᠯᠪᠣᠭᠳᠠᠯ ᠲᠠᠢ ᠲᠡᠦᠬᠡᠲᠦ ᠴᠢᠨᠠᠷᠲᠠᠢ ᠬᠡᠷᠡᠭ ᠶᠠᠪᠤᠳᠠᠯ ᠪᠣᠯᠣᠨ᠎ᠠ᠂ ᠡᠨᠡ ᠨᠢ ᠲᠡᠷᠢᠭᠦᠯᠡᠭᠴᠢ ᠰᠢ ᠶᠢᠨ ᠫᠢᠩ ᠤᠨ ᠠᠤᠭ᠎ᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠨᠢ ᠪᠦᠭᠦ ᠳᠤᠮᠳᠠᠳᠤ ᠤᠯᠤᠰ ᠤᠨ ᠠᠷᠠᠳ ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠶᠢ ᠣᠯᠣᠭᠰᠠᠨ ᠢ ᠭᠦᠢᠴᠡᠳ ᠬᠠᠷᠠᠭᠤᠯᠤᠭᠰᠠᠨ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠲᠣᠭᠲᠠᠭᠰᠠᠨ ᠬᠤᠭᠤᠴᠠᠭᠠᠨ ᠳᠤ ᠪᠦᠭᠦ ᠲᠠᠯ᠎ᠠ ᠪᠠᠷ ᠪᠡᠶᠡᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠨ᠎ᠡ ᠭᠡᠳᠡᠭ ᠢ ᠪᠢ ᠢᠲᠡᠭᠡᠵᠦ ᠪᠠᠶᠢᠨ᠎ᠠ᠃ ᠦᠽᠪᠤᠺᠰᠲ᠋ᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠢᠴᠢᠶᠡᠩᠭᠦ᠋ᠢᠯᠡᠨ ᠵᠢᠷᠤᠮᠯᠠᠵᠤ᠂ ᠳᠤᠮᠳᠠᠳᠤ ᠤᠯᠤᠰ ᠤᠨ ᠨᠠᠶᠢᠳᠠᠪᠤᠷᠢᠲᠠᠢ ᠡᠭᠦᠷᠢᠳᠡ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠦᠽᠪᠤᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠦᠽᠪᠤᠺᠰᠲ᠋ᠠᠨ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ ᠦᠽᠪᠤᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ ᠵᠡᠷᠭᠡ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠭᠠᠵᠠᠷ ᠣᠷᠣᠨ ᠤ ᠠᠮᠤᠷ ᠲᠦᠪᠰᠢᠨ ᠪᠣᠯᠣᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠦᠽᠪᠤᠺᠰᠲ᠋ᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠦᠽᠪᠤᠺᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ︵2023 - 2027︶︾ ᠶᠢ ᠪᠠᠲᠤᠯᠠᠵᠤ᠂ ᠤᠷᠢᠳ ᠢᠶᠠᠷ ᠪᠡᠯᠡ ᠣᠷᠣᠭᠤᠯᠬᠤ ᠲᠦᠷᠦᠯ ᠵᠦᠢᠯ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠠᠷᠠᠯᠵᠢᠶ᠎ᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠣᠷᠣᠨ ᠨᠤᠲᠤᠭ ᠤᠨ ᠬᠠᠮᠲᠤᠷᠠᠯᠴᠠᠭ᠎ᠠ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃      ᠼᠠᠢ ᠴᠢ᠂ ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃      ︵ᠰᠢᠨᠬᠤᠸᠠ ᠬᠤᠷᠢᠶ᠎ᠠ ᠶᠢᠨ ᠰᠢ ᠠᠨ ᠤ 5 ᠰᠠᠷ᠎ᠠ ᠶᠢᠨ 18 ᠤ ᠴᠠᠭᠢᠯᠭᠠᠨ ᠮᠡᠳᠡᠭᠡ︶ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号