ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2023/11/20
    ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠶᠢ ᠠᠳᠬᠤᠬᠤ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ ᠡᠵᠡᠮᠳᠡᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠳᠠᠷᠤᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠪᠠᠲᠤᠳᠬᠠᠬᠤ ᠬᠡᠷᠡᠭᠲᠡᠢ︾ ᠭᠡᠰᠡᠨ ᠭᠦᠨᠵᠡᠭᠡᠢ ᠠᠭᠤᠯᠬᠤᠨ ᠢ ᠣᠨᠣᠪᠴᠢᠲᠠᠶ ᠡᠵᠡᠮᠳᠡᠵᠦ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠳᠤ ᠪᠠᠶᠢᠬᠤ ︽ᠡᠯ᠎ᠡ ᠦᠨᠳᠦᠰᠦᠲᠡᠨ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠢᠯᠡ ᠲᠣᠳᠣ ᠳᠠᠪᠠᠭᠤᠯᠢᠭ︾ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠭᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃      ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠶᠢ ᠠᠳᠬᠤᠬᠤ ᠳᠤ᠂ ᠡᠷᠬᠡᠪᠰᠢ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠢ ᠨᠠᠮ ᠤᠨ ᠦᠨᠳᠦᠰᠦᠲᠡᠨ ᠤ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠤ ᠭᠡᠷ ᠣᠷᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ︽ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ︾ ︽ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ︾ ︽ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ︽ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠡᠷᠡᠰ ᠰᠡᠷᠭᠡᠶᠢᠯᠡᠬᠦ︾ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ᠃ ᠡᠨᠡ ᠨᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠲᠠᠢ ᠶᠤᠮ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠯ᠎ᠡ ᠵᠦᠢᠯ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ ᠨᠠᠷᠢᠯᠢᠭ ᠬᠢᠵᠦ ᠯᠠᠪᠳᠠᠭᠤᠨ ᠪᠠᠲᠤᠲᠠᠢ ᠬᠢᠬᠦ ᠬᠡᠷᠡᠭᠲᠡᠢ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠤ ᠭᠡᠷ ᠣᠷᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ᠂ ᠤᠳᠤ ᠦᠶ᠎ᠡ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠪᠣᠯᠪᠠᠰᠤᠨ ᠢ ᠡᠭᠦᠳᠦᠨ ᠪᠠᠶᠢᠭᠤᠯᠬᠤ᠂ ᠡᠷᠬᠡᠲᠦ ᠠᠷᠠᠳ ᠤᠨ ᠶᠣᠰᠣ ᠰᠤᠷᠲᠠᠬᠤᠨ ᠢ ᠪᠠᠶᠢᠭᠤᠯᠬᠤ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠦᠵᠡᠯᠲᠡ ᠲᠠᠨᠢᠯᠲᠠ᠂ ᠤᠶᠤᠨ ᠤ ᠳᠤᠷ᠎ᠠ ᠰᠣᠨᠢᠷᠬᠠᠯ᠂ ᠠᠮᠢᠳᠤᠷᠠᠯ ᠤᠨ ᠠᠷᠭ᠎ᠠ ᠶᠢᠨ ᠲᠠᠯ᠎ᠠ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠢ ᠨᠢᠭᠲᠠᠷᠠᠭᠤᠯᠤᠨ᠂ ᠤᠶᠤᠨ ᠢ ᠲᠦᠰᠢᠭᠯᠡᠭᠦᠯᠵᠦ᠂ ᠬᠥᠮᠥᠰ ᠤᠨ ᠰᠡᠳᠬᠢᠯ ᠢ ᠨᠢᠭᠲᠠᠷᠠᠭᠤᠯᠤᠭᠰᠠᠨ᠂ ᠪᠦᠯᠬᠦᠮᠳᠡᠨ ᠲᠡᠮᠡᠴᠡᠭᠰᠡᠨ ᠬᠦᠴᠦᠷᠬᠡᠭ ᠶᠡᠭᠡ ᠤᠶᠤᠨ ᠤ ᠬᠤᠯᠪᠣᠭᠠᠰᠤ ᠶᠢ ᠪᠦᠷᠢᠯᠳᠦᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠳᠤ᠂ ᠵᠥᠷᠢᠶᠡᠴᠢᠯᠡᠭᠰᠡᠨ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ ᠠᠯᠬᠤᠮ ᠢ ᠰᠠᠯᠤᠯ ᠦᠭᠡᠢ ᠲᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠲᠥᠯᠦᠪᠵᠢᠭᠦᠯᠭᠡ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠠᠭᠤᠷ ᠠᠮᠢᠰᠬᠤᠯ ᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠣᠷᠣᠨ ᠵᠠᠢ ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠠᠭᠤᠰᠤᠯᠴᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠪᠦᠯᠬᠦᠮᠳᠡᠨ ᠨᠢᠭᠡᠳᠬᠦ᠂ ᠰᠠᠬᠢᠨ ᠪᠠᠷᠠᠯᠠᠯᠴᠠᠵᠤ ᠬᠠᠷᠢᠯᠴᠠᠨ ᠬᠠᠪᠰᠤᠷᠤᠯᠴᠠᠬᠤ᠂ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠪᠠᠨ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠦᠨᠳᠦᠰᠦᠲᠡᠨ ᠤ ᠪᠣᠳᠠᠲᠤ ᠪᠠᠶᠢᠳᠠᠯ ᠢ ᠦᠨᠳᠦᠰᠦᠯᠡᠵᠦ᠂ ᠡᠷᠬᠡ ᠲᠡᠭᠰᠢ ᠲᠥᠪ ᠭᠤᠣᠯᠴᠢ ᠪᠠᠶᠢᠬᠤ ᠪᠠᠷ ᠵᠠᠷᠴᠢᠮ ᠪᠣᠯᠭᠠᠵᠤ᠂ ᠣᠷᠣᠨ ᠪᠦᠰᠡᠴᠢᠯᠡᠬᠦ ᠪᠠ ᠨᠠᠷᠢᠯᠢᠭ ᠣᠨᠣᠴᠠᠲᠠᠢ ᠪᠠᠶᠢᠬᠤ ᠶᠢ ᠲᠣᠪᠤᠶᠢᠯᠭᠠᠨ᠂ ᠣᠨᠴᠠ ᠲᠣᠭᠲᠠᠭᠰᠠᠨ ᠭᠠᠵᠠᠷ ᠣᠷᠣᠨ᠂ ᠣᠨᠴᠠᠭᠠᠶ ᠠᠰᠠᠭᠤᠳᠠᠯ᠂ ᠣᠨᠴᠠᠭᠠᠶ ᠬᠡᠷᠡᠭ ᠶᠠᠪᠤᠳᠠᠯ ᠳᠤ ᠴᠢᠭᠯᠡᠭᠦᠯᠦᠨ ᠣᠷᠣᠨ ᠪᠦᠰᠡ ᠶᠢᠨ ᠵᠥᠷᠢᠶᠡᠴᠢᠯᠡᠭᠰᠡᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠡᠩ ᠢᠯᠡᠭᠦᠦ ᠲᠣᠭᠲᠠᠭᠠᠨ ᠬᠡᠷᠡᠭᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠢ ᠡᠷᠡᠰ ᠰᠡᠷᠭᠡᠶᠢᠯᠡᠬᠦ ᠳᠤ᠂ ᠦᠵᠡᠯ ᠤᠬᠠᠮᠰᠠᠷ ᠤᠨ ᠪᠠᠬᠢᠯᠡᠯᠲᠡ ᠶᠢ ᠪᠠᠲᠤ ᠰᠠᠬᠢᠵᠤ᠂ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠦᠵᠡᠯ ᠤᠬᠠᠮᠰᠠᠷ ᠤᠨ ᠠᠰᠠᠭᠤᠳᠠᠯ ᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ᠂ ᠦᠨᠳᠦᠰᠦᠲᠡᠨ ᠤ ᠬᠠᠭᠠᠴᠠᠯ᠂ ᠱᠠᠰᠢᠨ ᠤ ᠬᠡᠲᠦᠷᠡᠮᠡᠬᠡᠢ ᠦᠵᠡᠯ ᠤᠨ ᠬᠤᠣᠷᠯᠠᠯ ᠢ ᠦᠷᠭᠦᠯᠵᠢᠯᠡᠨ ᠠᠷᠢᠯᠭᠠᠵᠤ᠂ ᠤᠯᠠᠨ ᠤᠯᠤᠰ ᠤᠨ ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠭᠠᠳᠠᠭᠠᠳᠤ ᠳᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ ᠵᠡᠷᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃      ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠪᠦᠯᠢ ᠰᠢᠭ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠵᠠᠪᠠᠯ ᠪᠡᠶᠡᠯᠡᠭᠦᠯᠬᠦ ᠦᠨᠳᠦᠰᠦᠨ ᠪᠠᠲᠤᠯᠠᠭ᠎ᠠ ᠮᠥᠨ᠃ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ ᠰᠢᠨ᠎ᠡ ᠠᠶᠠᠨ ᠳᠤ ᠮᠣᠷᠳᠠᠬᠤ ᠳᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠮᠡᠳᠡᠷᠡᠮᠵᠢ ᠶᠢᠨ ᠬᠡᠮᠵᠢᠶ᠎ᠡ ᠨᠡᠩ ᠥᠨᠳᠥᠷ᠂ ᠢᠯᠡᠭᠦᠦ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠬᠤ ᠶᠢ ᠠᠬᠢᠭᠤᠯᠬᠤ ᠬᠡᠷᠡᠭᠲᠡᠢ︕ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号