ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 21 ᠤ ᠡᠳᠦᠷ ᠱᠠᠩᠬᠠᠢ ᠬᠤᠳᠠ ᠶᠢᠨ ᠬᠤᠩ ᠺᠧᠦ ᠲᠣᠭᠤᠷᠢᠭ ᠤᠨ ᠵᠢᠶᠠ | ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠠᠩᠭᠢᠯᠠᠬᠤ ᠰᠠᠶᠢᠨ ᠲᠤᠷᠠᠴᠤᠳ ᠲᠤ ᠬᠠᠷᠢᠭᠤ ᠵᠠᠬᠢᠳᠠᠯ ᠢᠯᠡᠭᠡᠵᠦ᠂ | ᠬᠤᠭ ᠨᠣᠪᠰᠢ ᠶᠢ ᠠᠩᠭᠢᠯᠠᠬᠤ ᠠᠵᠢᠯ ᠢ ᠠᠬᠢᠭᠤᠯᠬᠤ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠢᠷᠡᠭᠦᠯᠦᠭᠰᠡᠨ ᠵᠠᠬᠢᠳᠠᠯ ᠢ ᠴᠢᠨᠢ ᠦᠵᠡᠭᠡᠳ᠂ ᠲᠠᠪᠤᠨ ᠵᠢᠯ ᠤᠨ ᠡᠮᠦᠨ᠎ᠡ | ᠤᠯᠠᠨ ᠲᠠᠢ ᠬᠠᠮᠲᠤ ᠬᠤᠭ ᠨᠣᠪᠰᠢ ᠶᠢ ᠠᠩᠭᠢᠯᠠᠬᠤ ᠠᠵᠢᠯ ᠤᠨ ᠪᠠᠶᠢᠳᠠᠯ ᠤᠨ ᠲᠤᠬᠠᠢ ᠶᠠᠷᠢᠯᠴᠠᠭᠰᠠᠨ ᠢᠶᠠᠨ ᠪᠤᠳᠤᠵᠤ | ᠣᠯᠣᠯ᠎ᠠ᠂ ᠲᠠ ᠨᠠᠷ ᠤᠨ ᠨᠡᠶᠢᠲᠡ ᠶᠢᠨ ᠠᠰᠠᠷᠠᠮᠵᠢ ᠶᠢᠨ ᠠᠵᠢᠯ ᠳᠤ ᠬᠠᠯᠠᠭᠤᠨ ᠰᠡᠳᠬᠢᠯᠭᠡ ᠲᠠᠢ ᠤᠷᠤᠯᠴᠠᠵᠤ ᠤᠯᠠᠨ | ᠲᠦᠮᠡᠨ ᠳᠤ ᠦᠢᠯᠡᠴᠢᠯᠡᠵᠦ ᠪᠠᠶᠢᠭ᠎ᠠ ᠡᠷᠴᠢ ᠵᠣᠷᠢᠭ ᠴᠢᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ ᠡᠨᠡ ᠬᠡᠳᠦᠨ | ᠵᠢᠯ ᠤᠨ ᠤᠬᠠᠭᠤᠯᠭ᠎ᠠ ᠶᠢᠨ ᠠᠬᠢᠭᠤᠯᠤᠯ ᠳᠣᠣᠷ᠎ᠠ ᠬᠤᠭ ᠨᠣᠪᠰᠢ ᠶᠢ ᠠᠩᠭᠢᠯᠠᠬᠤ ᠠᠵᠢᠯ ᠲᠠᠨ ᠤ ᠲᠡᠨᠳᠡ ᠰᠢᠨ᠎ᠡ ᠦᠷ᠎ᠡ | ᠪᠦᠲᠦᠮᠵᠢ ᠣᠯᠵᠤ᠂ ᠰᠠᠭᠤᠭᠠᠯᠢ ᠠᠷᠠᠳ ᠤᠨ ᠪᠣᠯᠪᠠᠰᠤᠨ ᠤ ᠬᠡᠮᠵᠢᠶ᠎ᠡ ᠳᠡᠭᠡᠭᠰᠢᠯᠡᠵᠦ᠂ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠨᠠᠩ ᠭᠤᠶᠤᠵᠢᠬᠰᠡᠨ ᠢ ᠰᠣᠨᠣᠰᠤᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠬᠤᠭ ᠨᠣᠪᠰᠢ ᠶᠢ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠪᠣᠯ ᠰᠢᠰᠲ᠋ᠧᠮᠲᠦ | ᠢᠨᠵᠧᠨᠧᠷᠢᠩ ᠮᠥᠨ᠂ ᠡᠯ᠎ᠡ ᠲᠠᠯ᠎ᠠ ᠶᠢᠨ ᠬᠢᠨ ᠬᠠᠮᠵᠢᠯᠴᠠᠨ ᠬᠦᠴᠦᠯᠡᠵᠦ᠂ ᠣᠨᠣᠴᠠᠲᠠᠢ ᠪᠠᠷ ᠠᠷᠭ᠎ᠠ ᠪᠣᠳᠣᠯᠭ᠎ᠠ | ᠬᠡᠷᠡᠭᠵᠢᠭᠦᠯᠵᠦ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠨ᠎ᠠ᠂ ᠥᠷᠭᠡᠨ ᠤᠯᠠᠨ ᠬᠤᠳᠠ | ᠬᠥᠳᠡᠭᠡ ᠶᠢᠨ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠱᠠᠭᠠᠷᠳᠠᠨ᠎ᠠ᠃ ᠲᠠ ᠨᠠᠷ ᠦᠨᠳᠦᠰᠦᠨ ᠱᠠᠲᠤᠨ ᠤ ᠵᠠᠰᠠᠯᠲᠠ ᠳᠤᠮᠳᠠᠬᠢ ᠰᠠᠶᠢᠨ ᠲᠤᠷᠠᠴᠤᠳ ᠤᠨ ᠥᠪᠡᠷᠮᠢᠴᠡ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠡᠳᠬᠢᠯ ᠠᠴᠠ ᠪᠠᠨ | ᠬᠠᠶᠢᠷᠠᠯᠠᠨ ᠰᠠᠶᠢᠲᠤᠷ ᠬᠢᠵᠦ᠂ ᠨᠡᠩ ᠤᠯᠠᠨ ᠰᠠᠭᠤᠭᠠᠯᠢ ᠠᠷᠠᠳ ᠢ ᠲᠠᠶᠢᠴᠢᠯᠡᠨ ᠠᠩᠭᠢᠯᠠᠵᠤ ᠲᠠᠯᠪᠢᠬᠤ ᠰᠠᠶᠢᠨ ᠰᠠᠶᠢᠬᠠᠨ | ᠳᠠᠳᠬᠠᠯ ᠲᠠᠢ ᠪᠤᠯᠭᠠᠵᠤ᠂ ᠬᠤᠭ ᠨᠣᠪᠰᠢ ᠶᠢ ᠠᠩᠭᠢᠯᠠᠬᠤ ᠶᠢ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠰᠢᠨ᠎ᠡ ᠬᠡᠪ | ᠵᠠᠩᠰᠢᠯ ᠪᠤᠯᠭᠠᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠪᠦᠭᠦ ᠨᠡᠶᠢᠭᠡᠮ ᠤᠨ | ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠭᠦ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ | ᠭᠡᠵᠦ ᠴᠢᠬᠤᠯᠠᠴᠢᠯᠠᠪᠠ᠃ | ᠶᠡᠷᠦᠩᠬᠡᠢ ᠱᠦᠵᠢ ᠰᠢ ᠶᠢᠨ ᠫᠢᠩ ᠬᠤᠭ ᠨᠣᠪᠰᠢ ᠶᠢ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ | ᠲᠦᠢᠯ ᠢᠶᠠᠷ ᠠᠩᠬᠠᠷᠴᠤ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ᠃ ᠣᠶᠢᠷ᠎ᠠ ᠶᠢᠨ ᠵᠢᠯ ᠳᠤ ᠮᠠᠨ ᠤ ᠤᠯᠤᠰ ᠤᠨ | ᠬᠤᠭ ᠨᠣᠪᠰᠢ ᠶᠢ ᠠᠩᠭᠢᠯᠠᠬᠤ ᠠᠵᠢᠯ ᠦᠷᠭᠦᠯᠵᠢᠯᠡᠨ ᠭᠦᠨᠵᠡᠭᠡᠶᠢᠷᠡᠨ ᠠᠬᠢᠵᠤ᠂ 297 ᠲᠤᠰᠬᠠᠢ ᠣᠷᠣᠨ ᠤ ᠲᠠᠰ ᠠᠴᠠ | ᠳᠡᠭᠡᠭᠰᠢᠬᠢ ᠬᠤᠲᠠ ᠳᠤ ᠠᠮᠢᠳᠤᠷᠠᠯ ᠤᠨ ᠬᠤᠭ ᠨᠣᠪᠰᠢ ᠶᠢ ᠠᠩᠭᠢᠯᠠᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠠᠭᠤᠭᠠᠯᠢ | ᠠᠷᠠᠳ ᠤᠨ ᠲᠣᠭᠤᠷᠢᠭ ᠤᠨ ᠳᠤᠮᠳᠠᠴᠢ ᠪᠦᠷᠬᠦᠴᠡ ᠶᠢᠨ ᠨᠣᠷᠮ᠎ᠠ 82.5% ᠳᠤ ᠬᠦᠷᠴᠡᠢ᠃ ᠣᠶᠢᠷ᠎ᠠ ᠳᠤ ᠱᠠᠩᠬᠠᠢ | ᠬᠤᠲᠠ ᠶᠢᠨ ᠬᠤᠩ ᠺᠧᠦ ᠲᠣᠭᠤᠷᠢᠭ ᠤᠨ ᠵᠢᠶᠠ ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠠᠩᠭᠢᠯᠠᠬᠤ ᠰᠠᠶᠢᠨ | ᠳᠤᠷᠠᠴᠤᠳ ᠤᠨ ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠲᠤᠬᠠᠢ ᠶᠢᠨ ᠭᠠᠵᠠᠷ ᠤᠨ | ᠬᠤᠭ ᠨᠣᠪᠰᠢ ᠶᠢ ᠠᠩᠭᠢᠯᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠬᠠᠷᠢᠭᠤ ᠮᠡᠳᠡᠭᠦᠯᠵᠦ᠂ ᠬᠤᠭ ᠨᠣᠪᠰᠢ ᠶᠢ | ᠠᠩᠭᠢᠯᠠᠬᠤ ᠠᠵᠢᠯ ᠤᠨ ᠨᠠᠩ ᠶᠡᠭᠡ ᠬᠡᠪᠴᠢᠶᠡᠨ ᠳᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |