ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ | ᠲᠥᠪ ᠤᠨ ᠬᠢᠨᠠᠨ ᠪᠤᠳᠤᠬᠤ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 5 ᠰᠠᠷ᠎ᠠ ᠶᠢᠨ 23 ᠤ ᠦᠳᠡ ᠶᠢᠨ ᠬᠤᠶᠢᠨ᠎ᠠ | ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ | ᠬᠤᠷᠠᠯᠳᠤᠭᠤᠯᠪᠠ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠬᠢᠨᠠᠨ ᠪᠤᠳᠤᠬᠤ ᠠᠵᠢᠯ | ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠂ ᠠᠵᠤ ᠠᠬᠤᠢ ᠳᠤ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ | ᠰᠠᠭᠤᠷᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠲᠦᠷᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠢ ᠠᠬᠢᠭᠤᠯᠬᠤ ᠳᠤᠮᠳᠠᠬᠢ ᠬᠢᠨᠠᠨ ᠪᠤᠳᠤᠬᠤ ᠠᠵᠢᠯ ᠤᠨ ᠥᠪᠡᠷᠮᠢᠴᠡ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ᠃ ᠰᠢᠨ᠎ᠡ ᠨᠢᠭᠡ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠵᠢᠯ ᠢ ᠰᠠᠶᠢᠲᠤᠷ | ᠬᠢᠬᠦ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ | ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠲᠠᠯ᠎ᠠ ᠶᠢᠨ ᠴᠢᠨᠠᠷᠲᠠᠢ᠂ ᠠᠯᠤᠰ ᠭᠡᠳᠦ ᠶᠢᠨ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠬᠦᠷᠢᠶᠡᠨ ᠳᠠᠬᠢ | ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠦᠵᠦ ᠲᠥᠯᠥᠪᠯᠡᠭᠡ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ | ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠬᠦᠴᠦᠲᠡᠢ ᠪᠦᠲᠦᠮᠵᠢᠲᠡᠢ ᠬᠢᠨᠠᠨ | ᠪᠤᠳᠤᠬᠤ ᠬᠢᠨᠠᠯᠲᠠ ᠪᠠᠷ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠨ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠳᠡᠳ᠋ ᠡᠷᠭᠢᠯᠡᠭᠴᠢ ᠯᠢ | ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠳᠡᠳ᠋ ᠡᠷᠭᠢᠯᠡᠭᠴᠢ ᠯᠢ | ᠰᠢ ᠬᠤᠷᠠᠯ ᠳᠤ ᠣᠷᠣᠯᠴᠠᠵᠠᠢ᠃ | ᠬᠤᠷᠠᠯ ᠠᠴᠠ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠯᠪᠠᠨ ᠭᠡᠷ ᠤᠨ 2022 ᠣᠨ ᠤ ᠲᠥᠪ ᠤᠨ | ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠲᠤᠬᠠᠢ ᠬᠢᠨᠠᠨ ᠪᠤᠳᠤᠬᠰᠠᠨ | ᠮᠡᠳᠡᠭᠦᠯᠦᠯᠲᠡ ᠶᠢᠨ ᠬᠠᠷᠢᠭᠤ ᠮᠡᠳᠡᠭᠦᠯᠦᠯᠲᠡ ᠵᠢᠴᠢ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ᠃ | ᠬᠤᠷᠠᠯ ᠠᠴᠠ᠂ ᠬᠢᠨᠠᠨ ᠪᠤᠳᠤᠬᠤ ᠪᠣᠯ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ | ᠪᠦᠷᠢᠯᠳᠦᠭᠦᠨ ᠬᠡᠰᠡᠭ ᠮᠥᠨ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠴᠢᠬᠤᠯᠠ ᠬᠦᠴᠦᠨ ᠮᠥᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ | ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠥᠪ ᠤᠨ ᠬᠢᠨᠠᠨ ᠪᠤᠳᠤᠬᠤ | ᠬᠤᠷᠢᠶ᠎ᠠ ᠬᠢᠨᠠᠨ ᠪᠤᠳᠤᠬᠤ ᠪᠠᠶᠢᠭᠤᠯᠤᠮᠵᠢ ᠶᠢᠨ ᠰᠢᠰᠲ᠋ᠧᠮᠲᠦ ᠴᠢᠨᠠᠷᠲᠠᠢ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ | ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠬᠢᠨᠠᠨ ᠪᠤᠳᠤᠬᠤ ᠰᠢᠨ᠎ᠡ | ᠵᠠᠮ ᠢ ᠨᠡᠭᠡᠭᠡᠵᠦ᠂ ᠬᠢᠨᠠᠨ ᠪᠤᠳᠤᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ | ᠬᠤᠪᠢᠰᠤᠯᠲᠠ ᠭᠠᠷᠪᠠ᠃ ᠨᠢᠭᠡ ᠳᠤ᠂ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠢ ᠠᠬᠢᠭᠤᠯᠵᠤ᠂ ᠬᠢᠨᠠᠨ ᠪᠤᠳᠤᠬᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠳᠦᠷᠢᠮᠵᠢᠭᠦᠯᠪᠡ᠃ ᠬᠤᠶᠠᠷ ᠲᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠨᠠᠨ ᠪᠤᠳᠤᠬᠤ ᠦᠢᠯᠡᠰ ᠤᠨ ᠵᠢᠮ᠎ᠡ ᠶᠣᠰᠣᠴᠢ ᠴᠢᠨᠠᠷ ᠤᠨ | ᠲᠤᠬᠠᠢ ᠲᠠᠨᠢᠯᠲᠠ ᠲᠠᠰᠤᠷᠠᠯᠳᠠ ᠦᠭᠡᠢ ᠭᠦᠨᠵᠡᠭᠡᠶᠢᠷᠡᠪᠡ᠃ ᠭᠤᠷᠪᠠ ᠳᠤ᠂ ᠨᠠᠮ ᠪᠠ ᠤᠯᠤᠰ ᠤᠨ ᠶᠡᠭᠡ ᠲᠠᠯ᠎ᠠ ᠳᠤ ᠬᠢᠨᠠᠨ | ᠪᠣᠳᠣᠯᠲᠠ ᠬᠢᠵᠦ ᠦᠢᠯᠡᠴᠢᠯᠡᠬᠦ ᠰᠠᠨᠠᠭᠠᠴᠢᠯᠠᠭᠠᠲᠤ ᠴᠢᠨᠠᠷ ᠨᠢ ᠨᠠᠩ ᠴᠢᠩᠭ᠎ᠠ᠂ ᠵᠣᠬᠢᠴᠠᠬᠤ ᠴᠢᠨᠠᠷ ᠨᠢ ᠨᠠᠩ ᠥᠨᠳᠥᠷ ᠪᠣᠯᠵᠤ | ᠂ ᠥᠪᠡᠷᠮᠢᠴᠡ ᠬᠢᠨᠠᠯᠲᠠ ᠲᠠᠯᠪᠢᠬᠤ ᠦᠢᠯᠡᠳᠦᠯ ᠨᠢ ᠨᠠᠩ ᠢᠯᠡᠷᠬᠡᠢ ᠪᠣᠯᠪᠠ᠃ ᠳᠥᠷᠪᠡ ᠳᠤ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ᠶᠡᠷᠦᠩᠬᠡᠢ ᠪᠠᠶᠢᠷᠢᠰᠢᠯ ᠠᠩᠬ᠎ᠠ ᠠᠯᠬᠤᠮ ᠪᠦᠷᠢᠯᠳᠦᠵᠦ᠂ ᠬᠢᠨᠠᠨ ᠪᠤᠳᠤᠬᠰᠠᠨ ᠦᠷ᠎ᠡ ᠳ᠋ᠦᠩ ᠤᠨ | ᠬᠡᠷᠡᠭᠯᠡᠯᠲᠡ ᠨᠡᠪᠲᠡᠷᠡᠯᠴᠡᠭᠡ ᠬᠠᠮᠵᠢᠯᠴᠠᠭ᠎ᠠ ᠨᠠᠩ ᠤᠷᠤᠭᠰᠢᠲᠠᠢ᠂ ᠡᠷᠬᠡ ᠰᠦᠷᠲᠦ᠂ ᠥᠨᠳᠥᠷ ᠪᠦᠲᠦᠮᠵᠢᠲᠡᠶ ᠪᠣᠯᠵᠠᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ | ᠱᠠᠭᠠᠷᠳᠠᠯᠭ᠎ᠠ ᠪᠣᠯ ᠲᠥᠪᠯᠡᠷᠡᠩᠭᠦᠢ ᠨᠢᠭᠡᠳᠦᠯᠲᠡᠢ᠂ ᠪᠦᠭᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠢ | ᠬᠢᠨᠠᠨ ᠪᠤᠳᠤᠬᠤ ᠬᠢᠨᠠᠯᠲᠠ ᠶᠢᠨ ᠰᠢᠰᠲ᠋ᠧᠮ ᠢ ᠪᠠᠶᠢᠭᠤᠯᠵᠤ᠂ ᠬᠢᠨᠠᠨ ᠪᠤᠳᠤᠬᠤ ᠬᠢᠨᠠᠯᠲᠠ ᠶᠢᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠶᠠᠪᠤᠳᠠᠯ ᠪᠣᠯᠣᠨ᠎ᠠ᠃ ᠵᠣᠷᠢᠭᠰᠠᠨ ᠢᠶᠠᠷ ᠢᠶᠠᠨ | ᠵᠢᠯᠤᠭᠤᠳᠴᠤ᠂ ᠬᠢᠨᠠᠨ ᠪᠣᠳᠣᠯᠲᠠ ᠶᠢᠨ ᠤᠯᠤᠰ ᠲᠦᠷᠦ ᠶᠢᠨ ᠰᠢᠨᠵᠢ ᠴᠢᠨᠠᠷ ᠪᠣᠯᠣᠨ ᠤᠯᠤᠰ ᠲᠦᠷᠦ ᠶᠢᠨ ᠴᠢᠳᠠᠮᠵᠢ ᠶᠢ | ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠳᠡᠵᠦ᠂ ᠲᠤᠭᠤᠷᠠᠲᠠᠯ᠎ᠠ | ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠡᠭᠦᠳᠡᠷ ᠮᠡᠲᠦ ᠲᠠᠭᠠᠵᠤ᠂ ᠤᠯᠠᠨ ᠨᠡᠶᠢᠲᠡ ᠶᠢᠨ ᠪᠡᠯᠡ | ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠠᠮᠢᠶᠠᠷᠴᠤ | ᠬᠡᠷᠡᠭᠯᠡᠬᠦ ᠪᠤᠢ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨᠠᠨ ᠪᠤᠳᠤᠬᠤ ᠬᠢᠨᠠᠯᠲᠠ ᠲᠠᠯᠪᠢᠬᠤ | ᠡᠷᠬᠡ ᠶᠢ ᠨᠢᠭᠡ ᠶᠢ ᠴᠦ ᠣᠷᠬᠢᠭᠳᠠᠭᠤᠯᠬᠤ ᠦᠭᠡᠢ ᠨᠢᠭᠡ ᠶᠢ ᠴᠦ ᠣᠨᠴᠠᠭᠠᠶᠢᠷᠠᠭᠤᠯᠬᠤ ᠦᠭᠡᠢ ᠪᠠᠶᠢᠵᠤ᠂ ᠪᠠᠶᠢᠩᠭᠤᠵᠢᠭᠰᠠᠨ | ᠂ ᠬᠥᠳᠡᠯᠦᠩᠭᠦᠢ ᠵᠢᠷᠦᠭᠡᠰᠢᠶᠡᠭᠦᠯᠦᠯ ᠢ ᠪᠦᠷᠢᠯᠳᠦᠭᠦᠯᠬᠦ ᠬᠡᠷᠡᠭᠲᠡᠢ᠃ ᠠᠶᠤᠩᠭ᠎ᠠ ᠨᠢᠵᠢᠭᠢᠨᠡᠬᠦ ᠰᠢᠭ ᠢᠶᠠᠷ ᠬᠠᠤᠯᠢ ᠶᠣᠰᠣᠭᠠᠷ | ᠬᠢᠨᠠᠨ ᠪᠤᠳᠤᠬᠤ ᠶᠢ ᠪᠠᠷᠢᠮᠲᠠᠯᠠᠵᠤ᠂ ᠰᠤᠳᠤᠯᠭᠠᠨ ᠤ ᠴᠢᠨᠠᠷᠲᠠᠢ ᠬᠢᠨᠠᠨ ᠪᠣᠳᠣᠯᠲᠠ ᠶᠢ ᠪᠣᠳᠠᠲᠠᠶᠢᠵᠢᠭᠤᠯᠵᠤ᠂ ᠲᠡᠮᠡᠴᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠬᠢᠨᠠᠯᠲᠠ | ᠲᠠᠯᠪᠢᠬᠤ ︽ᠣᠨᠴᠠᠭᠠᠢ ᠴᠡᠷᠢᠭ ᠠᠩᠭᠢ︾ ᠶᠢ ᠪᠠᠶᠢᠭᠤᠯᠬᠤ ᠭᠡᠷᠡᠭᠲᠡᠢ︔ ᠪᠤᠰᠤᠳ ᠬᠢᠨᠠᠯᠲᠠ ᠯᠤᠭ᠎ᠠ ᠨᠡᠪᠲᠡᠷᠡᠯᠴᠡᠨ | ᠬᠠᠮᠵᠢᠯᠴᠠᠬᠤ ᠶᠢ ᠰᠠᠶᠢᠲᠤᠷ ᠬᠢᠵᠦ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠡᠨᠡ ᠵᠢᠯ ᠤᠨ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠬᠤᠯᠠ ᠶᠡᠭᠡ | ᠠᠰᠠᠭᠤᠳᠠᠯ ᠢ ᠲᠣᠪᠤᠶᠢᠯᠭᠠᠨ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ ᠰᠠᠶᠢᠲᠤᠷ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠨᠡᠮᠡᠭᠳᠡᠯ ᠢ ᠲᠣᠭᠲᠠᠪᠤᠷᠢᠵᠢᠭᠤᠯᠬᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠣᠷ ᠨᠠᠨᠳᠢᠨ ᠡᠳ᠋ ᠤᠨ ᠵᠠᠰᠠᠭ ᠤᠨ ᠪᠡᠯᠡ ᠮᠥᠩᠭᠦ ᠶᠢ | ᠦᠷᠭᠦᠯᠵᠢᠯᠡᠨ ᠰᠠᠶᠢᠲᠤᠷ ᠠᠩᠬᠠᠷᠴᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠣᠳᠠᠲᠤ | ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠢᠶᠠᠷ | ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ︽ | ᠬᠤᠶᠠᠷ ᠭᠤᠶᠢᠪᠢᠰᠢ ᠦᠭᠡᠢ︾ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ | ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ | ᠮᠥᠩᠭᠦᠨ ᠭᠦᠢᠯᠭᠡᠭᠡᠨ᠂ ᠭᠡᠷ ᠭᠠᠵᠠᠷ ᠤᠨ ᠬᠥᠷᠥᠩᠭᠡ᠂ ᠠᠮᠤ ᠪᠤᠳᠠᠭ᠎ᠠ᠂ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ | ᠨᠢᠭᠲᠠ ᠠᠩᠬᠠᠷᠴᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠡᠷᠬᠡ ᠶᠢ ᠵᠢᠷᠤᠮᠵᠢᠭᠤᠨ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠵᠠᠷᠠᠯ ᠢ | ᠡᠰᠡᠷᠭᠦᠴᠡᠵᠦ ᠰᠠᠮᠠᠭᠤᠷᠠᠯ ᠢ ᠵᠠᠰᠠᠬᠤ ᠲᠠᠯ᠎ᠠ ᠪᠠᠷ ᠬᠢ ᠬᠢᠨᠠᠨ ᠪᠤᠳᠤᠬᠤ ᠠᠵᠢᠯ ᠤᠨ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠤᠨ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ | ᠪᠠᠶᠢᠴᠠᠭᠠᠨ ᠰᠢᠢᠳᠪᠦᠷᠢᠯᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠬᠤᠷᠠᠭᠰᠠᠨ᠂ ᠡᠬᠢ ᠪᠠᠶᠠᠯᠢᠭ ᠬᠤᠷᠠᠭᠰᠠᠨ | ᠬᠦᠷᠢᠶᠡᠨ ᠳᠠᠬᠢ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠵᠢᠵᠢᠭ ᠱᠠᠮᠰᠢᠯ ᠪᠠᠭ᠎ᠠ | ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢᠨ ︽ᠰᠡᠭᠦᠯᠴᠢ ᠶᠢᠨ ᠠᠵᠢᠯ︾ ᠪᠣᠯᠣᠨ ᠬᠢᠨᠠᠨ | ᠪᠤᠳᠤᠵᠤ ᠠᠰᠠᠭᠤᠳᠠᠯ ᠢ ᠢᠯᠡᠷᠡᠭᠦᠯᠬᠦ ︽ᠡᠬᠢᠨ ᠤ ᠠᠵᠢᠯ︾ ᠨᠢ ᠠᠳᠠᠯᠢᠬᠠᠨ ᠴᠢᠬᠤᠯᠠ ᠪᠣᠯᠬᠤᠷ ᠡᠷᠬᠡᠪᠰᠢ ᠨᠢᠭᠡ | ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠬᠢᠨᠠᠨ ᠪᠤᠳᠣᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠠᠪᠤᠳᠠᠯ ᠢ | ᠡᠳᠦᠷ ᠲᠤᠲᠤᠮ ᠤᠨ ᠬᠢᠨᠠᠯᠲᠠ ᠲᠠᠯᠪᠢᠬᠤ ᠶᠢᠨ ᠴᠢᠬᠤᠯᠠ ᠭᠠᠷᠳᠠᠴᠠ ᠪᠤᠯᠭᠠᠵᠤ᠂ ᠬᠢᠨᠠᠨ ᠪᠤᠳᠣᠬᠰᠠᠨ ᠦᠷ᠎ᠡ ᠳ᠋ᠦᠩ ᠢ | ᠺᠠᠳ᠋ᠷ ᠢ ᠰᠢᠯᠭᠠᠨ ᠬᠢᠨᠠᠬᠤ᠂ ᠲᠣᠮᠢᠯᠠᠬᠤ ᠪᠠᠭᠤᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ ᠪᠤᠯᠭᠠᠬᠤ ᠬᠡᠷᠡᠭᠲᠡᠢ᠃ | ᠴᠡᠭᠴᠡᠯᠡᠨ ᠰᠠᠶᠢᠵᠢᠷᠠᠭᠤᠯᠤᠭᠰᠠᠨ ᠨᠢ ᠰᠤᠯᠠ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠪᠣᠯ ᠬᠢᠨᠠᠨ ᠪᠤᠳᠤᠬᠤ ᠪᠠᠶᠢᠭᠤᠯᠭ᠎ᠠ ᠪᠠᠶᠢᠭᠤᠯᠤᠭᠳᠠᠭᠰᠠᠨ 40 ᠵᠢᠯ ᠤᠨ ᠤᠢ ᠪᠣᠯᠣᠨ᠎ᠠ᠃ | ᠨᠠᠮ ᠤᠨ ᠲᠥᠪ ᠬᠤᠷᠢᠶ᠎ᠠ ᠬᠢᠨᠠᠨ ᠪᠤᠳᠤᠬᠤ ᠠᠵᠢᠯ ᠳᠤ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠬᠢᠨᠠᠨ | ᠪᠣᠳᠣᠯᠲᠠ ᠶᠢᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢ ᠵᠠᠯᠭᠠᠮᠵᠢᠯᠠᠵᠤ᠂ ᠲᠤᠬᠠᠶᠢᠯᠠᠭᠰᠠᠨ ᠠᠵᠢᠯ ᠤᠨ | ᠵᠣᠷᠢᠭ ᠰᠠᠨᠠᠭ᠎ᠠ ᠶᠢ ᠪᠤᠢ ᠪᠤᠯᠭᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠵᠤ ᠬᠢᠨᠠᠨ ᠪᠤᠳᠤᠬᠤ ᠶᠢ ᠵᠠᠰᠠᠵᠤ᠂ ᠭᠤᠣᠯ ᠰᠡᠳᠦᠪᠲᠦ ᠬᠥᠮᠦᠵᠢᠯ ᠪᠣᠯᠣᠨ ᠬᠢᠨᠠᠨ ᠪᠤᠳᠤᠬᠤ | ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠥᠷᠨᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠯ ᠲᠠᠢ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠬᠢᠨᠠᠨ ᠪᠤᠳᠤᠬᠤ ᠺᠠᠳ᠋ᠷ ᠤᠨ | ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ | ᠡᠭᠦᠷᠭᠡᠯᠡᠵᠦ᠂ ᠬᠢᠨᠠᠨ ᠪᠤᠳᠤᠬᠤ ᠠᠵᠢᠯ ᠳᠠᠬᠢ ᠤᠳᠤᠷᠢᠳᠬᠤ ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ᠃ ᠭᠤᠣᠯ | ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠨ᠂ ᠪᠡᠶ᠎ᠡ ᠪᠠᠷ ᠢᠶᠠᠨ ᠬᠠᠮᠢᠶᠠᠷᠴᠤ᠂ ᠬᠢᠨᠠᠨ ᠪᠤᠳᠤᠬᠤ ᠬᠤᠷᠢᠶ᠎ᠠ ᠶᠢᠨ | ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠲᠥᠪ ᠤᠨ ᠬᠢᠨᠠᠨ ᠪᠤᠳᠤᠬᠤ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠵᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |