︽ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠪᠠᠷ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠬᠤ ᠬᠡᠷᠡᠭᠲᠡᠢ︾᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ | ᠠᠭᠤᠯᠭ᠎ᠠ ᠮᠥᠨ᠃ ᠡᠨᠡ ᠬᠦ ᠴᠢᠬᠤᠯᠠ ᠨᠤᠲᠠᠯᠠᠯᠲᠠ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠶᠢᠴᠡᠵᠦ᠂ ᠦᠨᠳᠦᠰᠦᠲᠡᠨ ᠤ ᠠᠵᠢᠯ ᠤᠨ ᠭᠤᠣᠯᠳᠠᠯᠭ᠎ᠠ ᠶᠢᠨ | ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠦᠨᠳᠦᠰᠦᠨ ᠱᠠᠭᠠᠷᠳᠠᠯᠭ᠎ᠠ ᠶᠢ ᠢᠯᠡᠷᠡᠭᠦᠯᠵᠦ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ | ᠪᠠᠶᠢᠭᠤᠯᠬᠤ ᠪᠠᠷ ᠬᠠᠮᠲᠤ ᠪᠠᠷ ᠴᠢᠷᠮᠠᠶᠢᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠣᠨᠴᠠᠭᠠᠶ ᠬᠠᠯᠠᠮᠵᠢᠯᠠᠨ ᠳᠡᠮᠵᠢᠵᠦ᠂ ︽ | ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠭᠡᠷ ᠪᠦᠯᠢ ᠪᠠᠷ ᠢᠶᠠᠨ ᠴᠥᠮ ᠰᠠᠶᠢᠨ ᠰᠠᠶᠢᠬᠠᠨ | ᠠᠮᠢᠳᠤᠷᠠᠬᠤ ᠬᠡᠷᠡᠭᠲᠡᠢ︾ ᠭᠡᠵᠦ ᠴᠢᠬᠤᠯᠠᠴᠢᠯᠠᠨ᠂ ᠦᠨᠳᠦᠰᠦᠲᠡᠨ ᠤ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ | ᠪᠦᠬᠦ ᠲᠠᠯ᠎ᠠ ᠶᠢᠨ ᠴᠢᠨᠡᠭᠡᠯᠢᠭᠵᠢᠯ ᠪᠠ ᠣᠳᠣᠬᠢᠴᠢᠯᠠᠯᠲᠠ ᠶᠢᠨ ᠲᠤᠬᠠᠢ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠪᠠ | ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ | ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠥᠬᠦᠷᠡᠰᠢ ᠦᠭᠡᠢ ᠴᠢᠷᠮᠠᠶᠢᠯᠭ᠎ᠠ ᠳᠣᠣᠷ᠎ᠠ᠂ ᠦᠨᠳᠦᠰᠦᠲᠡᠨ ᠤ ᠭᠠᠵᠠᠷ | ᠣᠷᠣᠨ ᠤ ᠠᠵᠤ ᠠᠬᠤᠢ ᠦᠷᠭᠦᠯᠵᠢᠯᠡᠨ ᠲᠦᠷᠭᠡᠨ ᠬᠥᠭᠵᠢᠵᠦ᠂ ᠰᠠᠭᠤᠷᠢ ᠪᠡᠯᠡᠳᠬᠡᠮᠵᠢ ᠶᠢᠨ ᠨᠥᠬᠦᠴᠡᠯ ᠢᠯᠡᠳᠲᠡ | ᠰᠠᠶᠢᠵᠢᠷᠠᠨ᠂ ᠠᠮᠢ ᠠᠬᠤᠢ ᠶᠢᠨ ᠬᠠᠯᠬᠠᠪᠴᠢ ᠨᠡᠩ ᠪᠠᠬᠢᠵᠢᠵᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢᠯᠡᠳᠲᠡ | ᠳᠡᠭᠡᠭᠰᠢᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠ ᠪᠦᠬᠦ | ᠤᠯᠤᠰ ᠢᠶᠠᠷ ᠢᠶᠠᠨ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ᠂ ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ ᠲᠡᠦᠬᠡᠨ ᠳᠠᠬᠢ ᠠᠭᠤᠤ | ᠶᠡᠭᠡ ᠭᠠᠶᠢᠬᠠᠮᠰᠢᠭ ᠢ ᠡᠭᠦᠳᠴᠡᠢ᠃ ᠣᠳᠣᠬᠠᠨ ᠳᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠮᠤᠭ ᠵᠣᠷᠢᠭ ᠪᠠᠳᠠᠷᠠᠩᠭᠤᠢ ᠪᠠᠷ ᠮᠣᠷᠳᠠᠵᠤ | ᠪᠠᠶᠢᠨ᠎ᠠ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠮᠠᠨ ᠤ ᠨᠠᠮ | ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠬᠢᠭᠡᠳ ᠮᠠᠨ ᠤ ᠤᠯᠤᠰ ᠤᠨ ᠬᠥᠭᠵᠢᠯᠲᠡ ᠶᠢ ᠶᠡᠷᠦᠩᠬᠡᠶᠢᠯᠡᠨ | ᠵᠠᠳᠠᠯᠤᠭᠰᠠᠨ ᠰᠠᠭᠤᠷᠢᠨ ᠳᠡᠭᠡᠷ᠎ᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠃ ᠡᠨᠡ ᠪᠣᠯ ᠨᠡᠶᠢᠭᠡᠮ | ᠵᠢᠷᠤᠮ ᠤᠨ ᠠᠩᠬᠠᠨ ᠤ ᠱᠠᠲᠤᠨ ᠳᠠᠬᠢ ᠮᠠᠨ ᠤ ᠤᠯᠤᠰ ᠤᠨ ᠬᠥᠭᠵᠢᠯᠲᠡ ᠶᠢᠨ ᠱᠠᠭᠠᠷᠳᠠᠯᠭ᠎ᠠ ᠪᠥᠭᠡᠳ ᠮᠠᠨ ᠤ ᠤᠯᠤᠰ ᠤᠨ | ᠨᠡᠶᠢᠭᠡᠮ ᠵᠢᠷᠤᠮ ᠤᠨ ᠠᠩᠬᠠᠨ ᠤ ᠱᠠᠲᠤᠨ ᠠᠴᠠ ᠨᠡᠩ ᠳᠡᠭᠡᠳᠦ ᠱᠠᠲᠤᠨ ᠲᠡᠶᠢᠰᠢ ᠤᠷᠤᠭᠰᠢᠯᠠᠬᠤ ᠶᠢᠨ ᠱᠠᠭᠠᠷᠳᠠᠯᠭ᠎ᠠ ᠮᠥᠨ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠤᠶᠠᠷ ᠱᠠᠲᠤ ᠬᠤᠪᠢᠶᠠᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ | ᠲᠣᠬᠢᠷᠠᠭᠤᠯᠤᠯᠲᠠ ᠬᠢᠵᠦ᠂ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠤ ᠪᠠᠨ | ᠪᠡᠶᠡᠯᠡᠭᠦᠯᠦᠨ᠂ ᠲᠤᠰ ᠵᠠᠭᠤᠨ ᠤ ᠳᠤᠮᠳᠠᠴᠢ ᠪᠣᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ | ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ | ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ | ᠮᠠᠨ ᠤ ᠤᠯᠤᠰ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ᠂ ᠪᠦᠬᠦ | ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠣᠳᠣᠬᠢᠴᠢᠯᠠᠯᠲᠠ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ | ᠬᠠᠷᠢᠯᠴᠠᠨ ᠵᠣᠬᠢᠴᠠᠭᠤᠯᠤᠭᠰᠠᠨ ᠣᠳᠣᠬᠢᠴᠢᠯᠠᠯᠲᠠ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠣᠳᠣᠬᠢᠴᠢᠯᠠᠯᠲᠠ᠂ ᠨᠠᠶᠢᠷᠠᠮᠳᠠᠯ ᠢᠶᠠᠷ ᠬᠥᠭᠵᠢᠬᠦ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠮᠠᠨ ᠤ ᠠᠭᠤᠤ | ᠶᠡᠭᠡ ᠡᠬᠡ ᠤᠯᠤᠰ ᠢ 56 ᠦᠨᠳᠦᠰᠦᠲᠡᠨ ᠬᠠᠮᠲᠤ ᠪᠠᠷ ᠨᠡᠭᠡᠭᠡᠨ ᠬᠥᠭᠵᠢᠭᠦᠯᠦᠭᠰᠡᠨ ᠶᠤᠮ᠂ ᠳᠤᠮᠳᠠᠳᠤ ᠶᠢᠨ | ᠦᠨᠳᠦᠰᠦᠲᠡᠨ ᠤ ᠢᠷᠡᠭᠡᠳᠦᠢ ᠶᠢ ᠴᠦ 56 ᠦᠨᠳᠦᠰᠦᠲᠡᠨ ᠳᠤ ᠲᠦᠰᠢᠭᠯᠡᠨ ᠬᠠᠮᠲᠤ ᠪᠠᠷ ᠡᠭᠦᠳᠦᠨ᠎ᠡ᠃ | ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ ᠦᠭᠡᠢ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠪᠡᠶᠡᠯᠡᠭᠦᠯᠬᠦ ᠳᠤ ᠪᠡᠷᠬᠡ ᠶᠤᠮ᠂ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ ᠬᠥᠭᠵᠢᠬᠦ ᠦᠭᠡᠢ ᠪᠣᠯ ᠮᠥᠨ ᠴᠦ ᠨᠡᠶᠢᠭᠡᠮ | ᠵᠢᠷᠤᠮ ᠤᠨ ᠣᠳᠣᠬᠢᠴᠢᠯᠠᠯᠲᠠ ᠪᠢᠰᠢ ᠶᠤᠮ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ | ᠦᠨᠳᠦᠰᠦᠲᠡᠨ ᠨᠦᠭᠦᠳ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ | ᠵᠥᠷᠢᠶᠡᠴᠢᠯᠡᠭᠰᠡᠨ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ | ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠡᠮᠵᠢᠵᠤ᠂ ᠥᠪᠡᠷ ᠢ ᠪᠠᠨ | ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠦᠨᠳᠦᠰᠦᠲᠡᠨ ᠤ ᠭᠠᠵᠠᠷ ᠣᠷᠣᠨ ᠤ ᠡᠬᠢ ᠪᠠᠶᠠᠯᠢᠭ ᠤᠨ | ᠳᠠᠪᠠᠭᠤᠯᠢᠭ᠂ ᠬᠥᠭᠵᠢᠯᠲᠡ ᠶᠢᠨ ᠨᠥᠬᠦᠴᠡᠯ᠂ ᠬᠠᠷᠢᠴᠠᠩᠭᠤᠢ ᠳᠠᠪᠠᠭᠤᠯᠢᠭ ᠵᠡᠷᠭᠡ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ | ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠬᠠᠮᠲᠤ ᠪᠠᠷ | ᠴᠢᠨᠡᠭᠡᠯᠢᠭᠵᠢᠬᠦ ᠶᠢ ᠠᠬᠢᠭᠤᠯᠬᠤ ᠶᠢᠨ ᠭᠠᠷᠳᠠᠴᠠ ᠪᠠ ᠬᠦᠴᠦᠯᠡᠬᠦ ᠴᠡᠭ ᠢ ᠣᠨᠣᠪᠴᠢᠲᠠᠢ ᠡᠵᠡᠮᠳᠡᠬᠦ ᠬᠡᠷᠡᠭᠲᠡᠢ᠃ | ᠦᠨᠳᠦᠰᠦᠲᠡᠨ ᠤ ᠭᠠᠵᠠᠷ ᠣᠷᠣᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠬᠥᠭᠵᠢᠯᠲᠡ ᠪᠠ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠪᠠᠷ ᠠᠩᠬᠠᠨ ᠤ ᠵᠣᠷᠢᠯᠲᠠ ᠪᠠ | ᠬᠠᠷᠠᠯᠲᠠ ᠪᠣᠯᠭᠠᠵᠤ᠂ ᠠᠷᠠᠳ ᠤᠨ ᠰᠠᠨᠠᠭᠠᠨ ᠳᠤ ᠨᠡᠶᠢᠴᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ | ᠶᠠᠪᠤᠳᠠᠯ ᠤᠳ ᠢ ᠢᠯᠡᠭᠦᠬᠡᠨ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ | ᠠᠰᠠᠭᠤᠳᠠᠯ ᠤᠳ ᠢ ᠢᠯᠡᠭᠦᠬᠡᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ | ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ | ᠳᠡᠮᠵᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠮᠠᠯ ᠠᠵᠤ ᠠᠬᠤᠢ ᠲᠠᠷᠢᠶᠠᠯᠠᠩ ᠤᠨ | ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ | ᠮᠠᠯᠴᠢᠳ ᠲᠠᠷᠢᠶᠠᠴᠢᠳ ᠤᠨ ᠪᠠᠶᠠᠨ ᠲᠠᠩᠰᠤᠭ ᠪᠠᠶᠢᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ ᠳᠠᠭᠠᠤ | ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠬᠢᠯᠢ ᠬᠢᠵᠠᠭᠠᠷ ᠢ ᠪᠠᠬᠢᠵᠢᠭᠦᠯᠦᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ | ᠶᠠᠪᠤᠳᠠᠯ ᠢ ᠨᠢᠭᠡᠳᠦᠯᠲᠡᠢ ᠲᠦᠯᠦᠪᠯᠡᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠤᠯᠤᠰ ᠤᠨ ᠠᠮᠤᠷ | ᠲᠦᠪᠰᠢᠨ ᠤ ᠬᠠᠯᠬᠠᠪᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠨᠳᠦᠰᠦᠲᠡᠨ ᠤ | ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ | ᠨᠢᠭᠡᠳᠦᠭᠰᠡᠨ ᠤᠯᠤᠰ ᠶᠤᠮ᠂ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ | ᠰᠤᠳᠠᠰᠤ ᠮᠥᠨ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠳᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠪᠣᠯ | ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ᠃ ᠪᠤᠢ ᠪᠦᠬᠦᠢ | ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ | ᠠᠴᠢ ᠬᠤᠯᠪᠣᠭᠳᠠᠯ ᠢ ᠣᠯᠭᠤᠵᠤ᠂ ᠨᠢᠭᠡᠳᠦᠯ ᠢ ᠬᠠᠮᠠᠭᠠᠯᠠᠬᠤ᠂ ᠬᠠᠭᠠᠴᠠᠯ ᠢ ᠡᠰᠡᠷᠭᠦᠴᠡᠬᠦ ᠶᠢᠨ ᠠᠴᠢ ᠬᠤᠯᠪᠣᠭᠳᠠᠯ ᠢ | ᠣᠯᠭᠤᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ | ᠬᠤᠯᠪᠣᠭᠳᠠᠯ ᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ ᠦᠭᠡᠢ ᠪᠠᠲᠤ ᠪᠠᠬᠢ | ᠪᠣᠯᠭᠠᠬᠤ ᠬᠡᠷᠡᠭᠲᠡᠢ᠃ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠭᠠᠭᠴᠠ ᠬᠦ ᠠᠨᠠᠷ ᠤᠨ ᠦᠷ᠎ᠡ | ᠰᠢᠭ ᠢᠶᠠᠷ ᠨᠢᠭᠲᠠᠷᠠᠨ ᠪᠦᠯᠬᠦᠮᠳᠡᠵᠦ᠂ ᠭᠠᠷ ᠭᠠᠷ ᠢᠶᠠᠨ ᠬᠤᠯᠪᠤᠯᠴᠠᠨ ᠮᠥᠷᠥ ᠵᠡᠷᠭᠡᠴᠡᠨ ᠤᠷᠤᠭᠰᠢᠯᠠᠵᠤ᠂ ᠬᠠᠮᠲᠤ ᠪᠠᠷ | ᠴᠢᠷᠮᠠᠶᠢᠨ ᠲᠡᠮᠡᠴᠡᠪᠡᠯ ᠰᠠᠶ᠋ᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ | ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠴᠣᠭᠴᠠᠯᠠᠵᠤ ᠴᠢᠳᠠᠨ᠎ᠠ᠃ | ᠣᠯᠠᠨ ᠤ ᠬᠦᠴᠦᠨ ᠢ ᠨᠢᠭᠲᠠᠷᠠᠭᠤᠯᠪᠠᠯ ᠠᠭᠤᠯᠠ ᠶᠢ ᠨᠡᠭᠦᠯᠭᠡᠵᠦ ᠴᠢᠳᠠᠨ᠎ᠠ᠃ ᠦᠨᠳᠦᠰᠦᠲᠡᠨ ᠨᠦᠭᠦᠳ ᠤᠨ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ | ᠲᠡᠮᠡᠴᠡᠬᠦ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠶᠤᠮ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ | ᠪᠦᠯᠬᠦᠮᠳᠡᠵᠦ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠭᠠᠷ ᠭᠠᠷ ᠢᠶᠠᠨ | ᠬᠤᠯᠪᠤᠯᠴᠠᠨ ᠮᠥᠷᠥ ᠵᠡᠷᠭᠡᠴᠡᠨ ᠤᠷᠤᠭᠰᠢᠯᠠᠵᠤ᠂ ᠴᠥᠬᠦᠷᠡᠰᠢ ᠦᠭᠡᠢ ᠲᠡᠮᠡᠴᠡᠳᠡᠭ ᠯᠠ ᠶᠤᠮ ᠪᠣᠯ᠂ ᠤᠷᠤᠭᠰᠢᠯᠠᠯᠲᠠ ᠶᠢᠨ | ᠵᠠᠮ ᠳᠡᠭᠡᠷ᠎ᠡ ᠳᠠᠪᠠᠵᠤ ᠳᠡᠶᠢᠯᠦᠰᠢ ᠦᠭᠡᠢ ᠬᠦᠴᠢᠷ ᠪᠡᠷᠬᠡᠰᠢᠶᠡᠯ ᠭᠡᠵᠦ ᠪᠠᠶᠢᠬᠤ ᠦᠭᠡᠢ᠂ ᠢᠯᠠᠵᠤ ᠳᠡᠶᠢᠯᠦᠰᠢ ᠦᠭᠡᠢ | ᠥᠷᠢᠰᠦᠯᠳᠦᠭᠡᠨ ᠭᠡᠵᠦ ᠪᠠᠶᠢᠬᠤ ᠦᠭᠡᠢ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠵᠢᠷᠤᠭ | ᠲᠥᠯᠥᠪᠯᠡᠭᠡ ᠯᠠᠪᠲᠠᠢ ᠪᠡᠶᠡᠯᠡᠭᠳᠡᠬᠦ ᠶᠤᠮ︕ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |