5 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠡᠸᠦ᠋ᠷᠦᠫᠡ | ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ ᠠᠽᠢᠶ᠎ᠠ ᠶᠢᠨ ᠠᠵᠤ | ᠠᠬᠤᠢ ᠶᠢᠨ ᠶᠠᠷᠢᠶᠠᠨ ᠤ ᠲᠠᠪᠴᠠᠩ ᠤᠨ ᠪᠦᠭᠦᠳᠡ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠣᠷᠣᠯᠴᠠᠬᠰᠠᠨ | ᠪᠥᠭᠡᠳ ᠪᠠᠶᠠᠷ ᠤᠨ ᠦᠭᠡ ᠬᠡᠯᠡᠪᠡ᠃ | 5 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠡᠸᠦ᠋ᠷᠦᠫᠡ | ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ ᠠᠽᠢᠶ᠎ᠠ ᠶᠢᠨ ᠠᠵᠤ | ᠠᠬᠤᠢ ᠶᠢᠨ ᠶᠠᠷᠢᠶᠠᠨ ᠤ ᠲᠠᠪᠴᠠᠩ ᠤᠨ ᠪᠦᠭᠦᠳᠡ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠣᠷᠣᠯᠴᠠᠬᠰᠠᠨ | ᠪᠥᠭᠡᠳ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠳᠤ ᠣᠷᠣᠰᠢᠵᠤ᠂ ᠳᠡᠯᠡᠬᠡᠢ ᠶᠢᠨ ᠣᠯᠠᠨ ᠲᠦᠢᠯᠵᠢᠯ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠲᠡᠦᠬᠡ ᠶᠢᠨ | ᠤᠷᠤᠰᠬᠠᠯ ᠬᠤᠷᠢᠭᠯᠠᠭᠳᠠᠰᠢ ᠦᠭᠡᠢ ᠪᠠᠶᠢᠨ᠎ᠠ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠠᠬᠢᠭᠤᠯᠬᠤ ᠪᠣᠯ ᠳᠡᠯᠡᠬᠡᠢ ᠨᠡᠶᠢᠭᠡᠮ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠮᠥᠨ᠃ | ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠪᠣᠯ ᠳᠡᠯᠡᠬᠡᠢ ᠳᠡᠭᠡᠷᠡᠬᠢ ᠬᠥᠮᠥᠨ ᠠᠮᠠ ᠪᠠᠷ ᠬᠠᠮᠤᠭ ᠤᠨ ᠣᠯᠠᠨ᠂ ᠤᠯᠤᠰ ᠢᠶᠠᠷ | ᠬᠠᠮᠤᠭ ᠤᠨ ᠣᠯᠠᠨ᠂ ᠪᠣᠯᠪᠠᠰᠤᠨ ᠢᠶᠠᠷ ᠬᠠᠮᠤᠭ ᠤᠨ ᠣᠯᠠᠨ ᠶᠠᠩᠵᠤᠲᠤ ᠴᠢᠨᠠᠷᠲᠠᠢ ᠭᠠᠵᠠᠷ ᠣᠷᠣᠨ ᠪᠣᠯᠣᠨ᠎ᠠ᠃ ᠣᠷᠤᠭ᠎ᠠ | ᠪᠤᠰᠬᠠᠭ᠎ᠠ ᠬᠤᠪᠢᠰᠤᠯᠲᠠ ᠶᠡᠬᠡᠲᠡᠢ ᠳᠡᠯᠡᠬᠡᠢ ᠶᠢᠨ ᠪᠠᠶᠢᠳᠠᠯ ᠳᠤ ᠬᠠᠨᠳᠤᠬᠤ ᠳᠠᠭᠠᠨ᠂ ᠠᠽᠢᠶ᠎ᠠ ᠡᠸᠦ᠋ᠷᠦᠫᠡ ᠶᠢᠨ | ᠬᠠᠮᠲᠤᠷᠠᠯᠴᠠᠭ᠎ᠠ ᠶᠠᠭᠠᠬᠢᠵᠤ ᠵᠠᠮᠨᠠᠪᠠᠯ ᠵᠣᠬᠢᠬᠤ ᠪᠤᠢ︖ ᠡᠨᠡ ᠨᠢ ᠭᠠᠵᠠᠷ ᠣᠷᠣᠨ ᠤ ᠠᠷᠠᠳ ᠲᠦᠮᠡᠨ ᠤ ᠪᠤᠶᠠᠨ ᠵᠢᠷᠭᠠᠯ ᠳᠤ | ᠬᠤᠯᠪᠣᠭᠳᠠᠬᠤ ᠪᠠᠷ ᠦᠯᠦ ᠪᠠᠷᠠᠮ᠂ ᠪᠠᠰᠠ ᠳᠡᠯᠡᠬᠡᠢ ᠶᠢᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠨᠥᠯᠥᠭᠡᠯᠡᠬᠦ ᠪᠣᠯᠣᠨ᠎ᠠ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠶᠢᠮᠦᠷᠬᠦᠦ ᠴᠠᠭ ᠦᠶ᠎ᠡ ᠶᠢᠨ ᠠᠰᠠᠭᠤᠯᠲᠠ᠂ ᠲᠡᠦᠬᠡ ᠶᠢᠨ ᠠᠰᠠᠭᠤᠯᠲᠠ ᠳᠤ ᠳᠤᠮᠳᠠᠳᠤ | ᠤᠯᠤᠰ ᠤᠨ ᠬᠠᠷᠢᠭᠤᠯᠲᠠ ᠪᠣᠯ ᠲᠣᠳᠣᠷᠬᠠᠢ ᠶᠤᠮ᠃ ᠪᠢ ᠤᠷᠢᠳ ᠬᠤᠵᠢᠳ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠳᠤᠷᠠᠳᠴᠤ᠂ ᠡᠯ᠎ᠡ ᠤᠯᠤᠰ ᠤᠨ ᠬᠢᠨ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ | ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠤ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ | ᠳᠡᠯᠡᠬᠡᠢ ᠶᠢᠷᠲᠢᠨᠴᠦ ᠶᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠤᠷᠢᠶᠠᠯᠠᠪᠠ᠃ ᠡᠨᠡ ᠵᠢᠯ ᠪᠣᠯ ᠮᠢᠨᠤ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃ ᠡᠨᠡ | ᠬᠦ ᠰᠠᠨᠠᠭᠠᠴᠢᠯᠠᠭ᠎ᠠ ᠶᠢᠨ ᠦᠨᠳᠦᠰᠦᠨ ᠵᠣᠷᠢᠯᠲᠠ ᠪᠠ ᠲᠤᠰᠤᠯᠲᠠ ᠪᠣᠯ ᠳᠠᠷᠤᠢ ᠬᠤᠯᠠ ᠣᠶᠢᠷ᠎ᠠ ᠬᠥᠷᠰᠢ ᠵᠡᠷᠭᠡᠯᠡᠳᠡᠭᠡ | ᠬᠠᠮᠲᠤ ᠪᠠᠷ ᠬᠥᠭᠵᠢᠬᠦ ᠰᠢᠨ᠎ᠡ ᠠᠷᠭ᠎ᠠ ᠶᠢ ᠰᠦᠪᠡᠭᠴᠢᠯᠡᠵᠦ᠂ ᠡᠯ᠎ᠡ ᠤᠯᠤᠰ ᠲᠤ ᠪᠤᠶᠠᠨ ᠦᠢᠯᠡᠳᠬᠦ᠂ ᠳᠡᠯᠡᠬᠡᠢ ᠳ᠋ᠠᠬᠢᠨ ᠳᠤ | ᠠᠰᠢᠭ ᠬᠦᠷᠲᠡᠭᠡᠬᠦ ︽ᠵᠢᠷᠭᠠᠯ ᠤᠨ ᠵᠠᠮ︾ ᠢ ᠨᠡᠭᠡᠭᠡᠭᠰᠡᠨ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠽᠢᠶ᠎ᠠ ᠡᠸᠦ᠋ᠷᠦᠫᠡ ᠶᠢᠨ ᠶᠡᠭᠡ ᠭᠡᠷ ᠪᠦᠯᠢ ᠶᠢᠨ ᠨᠢᠭᠡ ᠪᠦᠷᠢᠯᠳᠦᠭᠦᠨ ᠪᠣᠯᠤᠭᠰᠠᠨ ᠤ ᠬᠤᠪᠢ ᠳᠤ᠂ | ᠳᠤᠮᠳᠠᠳᠤ ᠤᠯᠤᠰ ᠤᠨ ᠬᠥᠭᠵᠢᠯᠲᠡ ᠠᠽᠢᠶ᠎ᠠ ᠡᠸᠦ᠋ᠷᠦᠫᠡ ᠶᠢᠨ ᠭᠠᠵᠠᠷ ᠣᠷᠣᠨ ᠠᠴᠠ ᠰᠠᠯᠵᠤ ᠴᠢᠳᠠᠬᠤ ᠦᠭᠡᠢ᠂ ᠪᠠᠰᠠ | ᠠᠽᠢᠶ᠎ᠠ ᠡᠸᠦ᠋ᠷᠦᠫᠡ ᠶᠢᠨ ᠭᠠᠵᠠᠷ ᠣᠷᠣᠨ ᠳᠤ ᠠᠰᠢᠭ ᠬᠦᠷᠲᠡᠭᠡᠨ᠎ᠡ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠪᠣᠯᠣᠨ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠪᠦᠲᠦᠭᠡᠨ | ᠪᠠᠶᠢᠭᠤᠯᠤᠯᠲᠠ ᠶᠢ ᠵᠣᠯᠭᠠᠭᠤᠯᠬᠤ ᠬᠠᠮᠲᠤᠷᠠᠯᠴᠠᠭ᠎ᠠ ᠭᠦᠨᠵᠡᠭᠡᠶᠢᠷᠡᠨ ᠪᠣᠳᠠᠲᠠᠶᠢᠵᠢᠵᠤ᠂ ᠡᠯ᠎ᠡ ᠤᠯᠤᠰ ᠤᠨ ᠪᠦᠯᠬᠦᠮᠳᠡᠨ | ᠬᠠᠮᠵᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠽᠢᠶ᠎ᠠ ᠡᠸᠦ᠋ᠷᠦᠫᠡ ᠶᠢᠨ ᠬᠠᠮᠲᠤᠷᠠᠯᠴᠠᠭᠠᠨ ᠤ ᠰᠢᠨ᠎ᠡ | ᠪᠠᠶᠢᠳᠠᠯ ᠢ ᠭᠠᠷ ᠬᠤᠯᠪᠣᠨ ᠡᠭᠦᠳᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠨᠡ ᠵᠢᠯ ᠤᠨ ᠳᠣᠣᠷ᠎ᠠ ᠬᠠᠭᠠᠰ | ᠵᠢᠯ ᠳᠤ᠂ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ | ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠨ ᠶᠠᠪᠤᠭᠳᠠᠭᠤᠯᠬᠤ ᠪᠣᠯᠣᠨ᠎ᠠ᠃ ᠳᠤᠮᠳᠠᠳᠤ | ᠤᠯᠤᠰ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠪᠣᠯᠣᠨ ᠡᠸᠦ᠋ᠷᠦᠫᠡ | ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠪᠦᠷᠢᠯᠳᠦᠭᠦᠨ ᠤᠯᠤᠰ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ | ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠠᠵᠠ ᠲᠣᠭᠢᠶᠠᠯ ᠢ | ᠬᠠᠮᠲᠤ ᠪᠠᠷ ᠡᠳ᠋ᠯᠡᠵᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠢᠷᠡᠭᠡᠳᠦᠢ ᠪᠠᠨ ᠬᠠᠮᠲᠤ ᠪᠠᠷ ᠴᠣᠭᠴᠠᠯᠠᠵᠤ᠂ ᠣᠯᠠᠨ | ᠲᠦᠢᠯᠰᠢᠷᠠᠭᠰᠠᠨ ᠳᠡᠯᠡᠬᠡᠢ ᠶᠢᠨ ᠪᠣᠯᠪᠠᠰᠤᠨ ᠤ ᠳᠠᠪᠰᠢᠯᠲᠠ ᠶᠢᠨ ᠰᠢᠨ᠎ᠡ ᠬᠠᠭᠤᠳᠠᠰᠤ ᠶᠢ ᠭᠠᠷ ᠬᠤᠯᠪᠣᠨ ᠪᠢᠴᠢᠭᠯᠡᠨ᠎ᠡ ᠭᠡᠵᠦ | ᠴᠢᠬᠤᠯᠠᠴᠢᠯᠠᠪᠠ᠃ | ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ | ᠠᠽᠢᠶ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ 5 ᠰᠠᠷ᠎ᠠ ᠶᠢᠨ 24 ᠤ ᠡᠳᠦᠷ ᠣᠷᠣᠰ ᠤᠨ ᠮᠣᠰᠺᠸᠠ ᠳᠤ | ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠵᠤ᠂ ︽ᠣᠯᠠᠨ | ᠲᠦᠢᠯᠰᠢᠷᠠᠭᠰᠠᠨ ᠳᠡᠯᠡᠬᠡᠢ ᠳᠠᠬᠢ ᠡᠸᠦ᠋ᠷᠦᠫᠡ ᠠᠽᠢᠶ᠎ᠠ ᠶᠢᠨ ᠨᠢᠭᠡ ᠴᠣᠭᠴᠠᠵᠢᠯᠲᠠ︾ ᠭᠡᠬᠦ ᠭᠤᠣᠯ ᠰᠡᠳᠦᠪ ᠢᠶᠠᠷ ᠶᠠᠪᠤᠭᠳᠠᠪᠠ | ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 24 ᠤ ᠴᠠᠭᠢᠯᠭᠠᠨ ᠮᠡᠳᠡᠭᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |