ᠬᠤᠤᠯᠢᠩᠭᠤᠤᠯ ᠬᠤᠲᠠ ᠶᠢᠨ ︽ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/12/11
         ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠤᠯᠢᠩᠭᠤᠤᠯ ᠬᠤᠲᠠ ᠶᠢᠨ ︽ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ           ᠬᠤᠤᠯᠢᠨ ᠵᠠᠰᠠᠭ ᠦᠰᠦᠭ 〔2023〕 75 ᠳ᠋ᠤᠭᠠᠷ ᠲᠣᠭᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠳᠤ᠄  ︽ᠬᠤᠤᠯᠢᠩᠭᠤᠤᠯ ᠬᠤᠲᠠ ᠶᠢᠨ ︿ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠤᠨ ᠮᠡᠳᠡᠭᠳᠡᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠲᠤᠭᠠᠢ᠃   ᠳᠠᠭᠠᠯᠳᠤᠭᠤᠯᠤᠯ᠄  ᠬᠤᠤᠯᠢᠩᠭᠤᠤᠯ ᠬᠤᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ                              2023 ᠣᠨ ᠤ 5 ᠰᠠᠷ᠎ᠠ ᠶᠢᠨ 15       ᠬᠤᠤᠯᠢᠩᠭᠤᠤᠯ ᠬᠤᠲᠠ ᠶᠢᠨ ᠬᠢᠨ ︽ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠪᠠ ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠬᠦ ᠲᠥᠰᠥᠯ     ᠨᠢᠭᠡᠳᠦᠭᠡᠷ ᠵᠦᠢᠯ ᠬᠤᠤᠯᠢᠩᠭᠤᠤᠯ ᠬᠤᠲᠠ ᠶᠢᠨ ᠳᠠᠬᠢᠯᠲᠠ ᠡᠬᠢ ᠪᠠᠶᠠᠯᠢᠭ  ᠢ ᠡᠭᠡᠭᠦᠯᠦᠨ ᠬᠤᠷᠢᠶᠠᠬᠤ ᠠᠵᠢᠯ ᠲᠦᠷᠦᠯ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ ᠲᠦᠷᠦᠯ ᠤᠨ ᠡᠷᠡᠭᠦᠯ ᠪᠥᠭᠡᠳ ᠠᠮᠤᠷ ᠲᠦᠪᠰᠢᠨ ᠡᠮᠬᠢ ᠵᠢᠷᠤᠮ ᠲᠠᠢ ᠬᠥᠭᠵᠢᠬᠦ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠢ ᠠᠷᠪᠢᠯᠠᠨ᠂ ᠣᠷᠴᠢᠨ ᠲᠣᠭᠤᠷᠢᠨ ᠢ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ  ᠶᠢ ᠪᠡᠶᠡᠯᠡᠭᠦᠯᠬᠦ ᠶᠢᠨ ᠲᠤᠰᠠᠳᠠ᠂︽ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠠᠷᠭ᠎ᠠ︾  ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ   ᠤ ᠬᠤᠲᠠ ᠶᠢᠨ  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃  ᠬᠤᠶᠠᠳᠤᠭᠠᠷ ᠵᠦᠢᠯ ᠲᠤᠰ ᠬᠡᠷᠡᠭᠵᠢᠭᠦᠯᠬᠦ ᠲᠥᠰᠥᠯ ᠲᠤ ᠬᠡᠯᠡᠵᠦ ᠪᠠᠶᠢᠭ᠎ᠠ ᠳᠠᠬᠢᠯᠲᠠ ᠡᠬᠢ ᠪᠠᠶᠠᠯᠢᠭ ᠭᠡᠳᠡᠭ ᠨᠢ ᠨᠡᠶᠢᠭᠡᠮ ᠤᠨ ᠦᠢᠯᠡᠳᠪᠦᠷᠢᠯᠡᠯ ᠪᠠ ᠠᠮᠢᠳᠤᠷᠠᠯ ᠤᠨ ᠬᠡᠷᠡᠭᠯᠡᠭᠡᠨ   ᠤ ᠶᠠᠪᠤᠴᠠ ᠲᠤ ᠪᠤᠢ ᠪᠣᠯᠤᠭᠰᠠᠨ᠂ ᠤᠤᠯ ᠤᠨ ᠪᠠᠶᠢᠭᠰᠠᠨ ᠪᠥᠬᠦᠨ ᠪᠤᠶᠤ ᠬᠡᠰᠡᠭ ᠬᠡᠷᠡᠭᠯᠡᠭᠡᠨ ᠤ ᠥᠷᠳᠡᠭ ᠢᠶᠠᠨ ᠨᠢᠭᠡᠨᠲᠡ ᠠᠯᠳᠠᠭᠠᠳ᠂ ᠡᠭᠡᠭᠦᠯᠦᠨ ᠬᠤᠷᠢᠶᠠᠬᠤ᠂ ᠡᠳ᠋ᠰᠢᠭᠦᠯᠦᠨ ᠰᠢᠢᠳᠪᠦᠷᠢᠯᠡᠬᠦ ᠪᠠᠷ ᠲᠠᠮᠵᠢᠨ᠂ ᠲᠡᠭᠦᠨ ᠳᠤ ᠲᠠᠬᠢᠨ ᠬᠡᠷᠡᠭᠯᠡᠭᠡᠨ   ᠤ ᠥᠷᠳᠡᠭ ᠣᠯᠭᠤᠵᠤ ᠳᠡᠶᠢᠯᠬᠦ ᠡᠯ᠎ᠡ ᠵᠦᠢᠯ ᠤᠨ ᠬᠠᠶᠠᠭᠳᠠᠮᠠᠯ ᠪᠣᠳᠠᠰ ᠢ ᠵᠢᠭᠠᠵᠤ ᠪᠤᠢ᠃     ᠳᠠᠬᠢᠯᠲᠠ ᠡᠬᠢ ᠪᠠᠶᠠᠯᠢᠭ ᠲᠤ ᠬᠠᠶᠠᠭᠳᠠᠮᠠᠯ ᠬᠠᠭᠤᠴᠢᠨ ᠲᠡᠮᠦᠷᠯᠢᠭ᠂ ᠬᠠᠶᠠᠭᠳᠠᠮᠠᠯ ᠡᠯᠧᠺᠲᠷᠣᠨ ᠦᠢᠯᠡᠳᠬᠦᠨ᠂ ᠬᠠᠶᠠᠭᠳᠠᠮᠠᠯ ᠮᠠᠰᠢᠨ ᠴᠠᠬᠢᠯᠭᠠᠨ ᠤ ᠲᠥᠬᠦᠭᠡᠷᠦᠮᠵᠢ ᠵᠢᠴᠢ ᠰᠡᠯᠪᠢᠭ ᠲᠤᠨᠤᠭ᠂ ᠬᠠᠶᠠᠭᠳᠠᠮᠠᠯ ᠴᠠᠭᠠᠰᠤ ᠬᠢᠬᠦ ᠲᠦᠭᠦᠬᠡᠢ ᠮᠠᠲ᠋ᠧᠷᠢᠶᠠᠯ ︵ᠵᠢᠱᠢᠶᠡᠯᠡᠪᠡᠯ ᠬᠠᠶᠠᠭᠳᠠᠮᠠᠯ ᠴᠠᠭᠠᠰᠤ᠂ ᠬᠠᠶᠠᠭᠳᠠᠮᠠᠯ ᠬᠥᠪᠥᠩ ᠵᠡᠷᠭᠡ︶᠂ ᠬᠠᠶᠠᠭᠳᠠᠮᠠᠯ ᠬᠥᠩᠭᠡᠨ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ︵ᠵᠢᠱᠢᠶᠡᠯᠡᠪᠡᠯ ᠭᠤᠮ᠂ ᠰᠦᠯᠢᠶᠥᠦ᠂ ᠲᠠᠷᠢᠶᠠᠨ ᠡᠮ ᠤᠨ ᠪᠣᠭᠤᠳᠠᠯ ᠪᠠᠭᠯᠠᠭ᠎ᠠ᠂ ᠠᠮᠢᠲᠠᠨ ᠤ ᠬᠤᠯᠢᠮᠠᠭ ᠶᠠᠰᠤ᠂ ᠦᠰᠦ ᠦᠰᠦ ᠵᠡᠷᠭᠡ︶᠂ ᠬᠠᠶᠠᠭᠳᠠᠮᠠᠯ ᠰᠢᠯ ᠵᠡᠷᠭᠡ ᠪᠠᠭᠲᠠᠨ᠎ᠠ᠃      ᠭᠤᠷᠪᠠᠳᠤᠭᠠᠷ ᠵᠦᠢᠯ ᠲᠣᠰ ᠬᠤᠲᠠ ᠶᠢᠨ ᠳᠣᠲᠣᠷ᠎ᠠ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠬᠦ ᠠᠵᠢᠯᠯᠠᠭ᠎ᠠ ᠬᠢᠵᠦ ᠪᠠᠶᠢᠭ᠎ᠠ ᠠᠵᠤ ᠠᠬᠤᠶᠢᠯᠠᠯ ᠪᠣᠯᠣᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ︵︽ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ︾ ᠭᠡᠵᠦ ᠶᠡᠷᠦᠩᠬᠡᠶᠢᠯᠡᠨ ᠨᠡᠷᠡᠶᠢᠳᠦᠨ᠎ᠡ ︶ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠲᠣᠰ ᠲᠥᠰᠥᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠡᠷᠡᠭᠲᠡᠢ᠃      ᠳᠥᠷᠪᠡᠳᠦᠭᠡᠷ ᠵᠦᠢᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ ᠶᠢᠨ ᠳᠠᠩᠰᠠᠯᠠᠭᠤᠯᠬᠤ ᠵᠦᠢᠯᠡᠰ ᠢ ᠡᠵᠡᠩᠨᠡᠯᠲᠡ ᠶᠢᠨ ᠦᠨᠡᠮᠯᠡᠯ ᠳᠡᠭᠡᠷ᠎ᠡ ᠡᠮᠬᠢᠯᠡᠨ ᠨᠡᠶᠢᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠢᠨᠠᠨ ᠵᠥᠪᠰᠢᠶᠡᠷᠡᠵᠦ ᠳᠡᠩᠰᠡᠯᠡᠨ ᠲᠡᠮᠳᠡᠭᠯᠡᠭᠰᠡᠨ ᠤ ᠳᠠᠷᠠᠭ᠎ᠠ᠂ ᠲᠠᠪᠴᠠᠩ ᠢᠶᠠᠷ ᠳᠠᠮᠵᠢᠭᠤᠯᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠲᠤᠪᠠᠷ ᠡᠳ᠋ᠯᠡᠨ᠎ᠡ᠃ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠶᠢ ᠡᠵᠡᠩᠨᠡᠭᠴᠢ ᠡᠷᠬᠡᠪᠰᠢ ᠳᠠᠩᠰᠠᠯᠠᠭᠰᠠᠨ ᠤ ᠳᠠᠷᠠᠭ᠎ᠠ ᠰᠠᠶ᠋ᠢ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠣᠨ᠎ᠠ᠃      ᠲᠠᠪᠤᠳᠤᠭᠠᠷ ᠵᠦᠢᠯ ᠦᠢᠯᠡᠳᠪᠦᠷᠢᠯᠡᠯ ᠤᠨ ᠴᠢᠨᠠᠷᠲᠠᠢ ᠪᠠ ᠦᠢᠯᠡᠳᠪᠦᠷᠢᠯᠡᠯ ᠤᠨ ᠪᠤᠰᠤ ᠴᠢᠨᠠᠷᠲᠠᠢ ᠬᠠᠶᠠᠭᠳᠠᠮᠠᠯ ᠬᠠᠭᠤᠴᠢᠨ ᠲᠡᠮᠦᠷᠯᠢᠭ   ᠢ ᠡᠭᠡᠭᠦᠯᠦᠨ ᠬᠤᠷᠢᠶᠠᠭᠰᠠᠨ ᠳᠠᠬᠢᠯᠲᠠ ᠡᠬᠢ ᠪᠠᠶᠠᠯᠢᠭ ᠡᠭᠡᠭᠦᠯᠦᠨ ᠬᠤᠷᠢᠶᠠᠭᠰᠠᠨ ᠡᠵᠡᠩᠨᠡᠭᠴᠢ ᠡᠵᠡᠩᠨᠡᠯᠲᠡ ᠶᠢᠨ ᠦᠨᠡᠮᠯᠡᠯ ᠣᠯᠣᠭᠰᠠᠨ 15 ᠡᠳᠦᠷ ᠤᠨ ᠳᠣᠲᠣᠷ᠎ᠠ ᠡᠷᠬᠡᠪᠰᠢ ᠳᠣᠲᠣᠭᠠᠳᠤ  ᠶᠢ ᠬᠠᠮᠠᠭᠠᠯᠠᠬᠤ ᠪᠠᠶᠢᠭᠤᠯᠤᠯᠭ᠎ᠠ   ᠳᠤ ᠳᠠᠩᠰᠠᠯᠠᠭᠤᠯᠬᠤ ᠬᠡᠷᠡᠭᠲᠡᠢ᠃  ᠳᠠᠩᠰᠠᠯᠠᠭᠤᠯᠬᠤ ᠵᠦᠢᠯᠡᠰ ᠲᠤ ᠬᠤᠪᠢᠷᠠᠯᠲᠠ ᠭᠠᠷᠬᠤ ᠦᠶ᠎ᠡ ᠳᠤ᠂ ᠡᠮᠦᠨᠡᠬᠢ ᠪᠠᠳᠠᠭ ᠲᠤ ᠵᠢᠭᠰᠠᠭᠠᠭᠰᠠᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ ᠨᠢ ᠬᠤᠪᠢᠷᠠᠭᠤᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠩᠰᠠᠯᠠᠬᠤ ᠵᠦᠢᠯᠡᠰ ᠲᠤ ᠬᠠᠷᠢᠶᠠᠯᠠᠭᠳᠠᠪᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠩᠰᠠᠯᠠᠭᠤᠯᠵᠤ ᠬᠤᠪᠢᠷᠠᠭᠤᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠪᠢᠷᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃       ᠵᠢᠷᠭᠤᠳᠤᠭᠠᠷ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠨᠤᠭᠤᠳ‌‍ᠲ᠋ᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ ᠯᠦᠭᠡ ᠬᠤᠳᠠᠯᠳᠤᠨ ᠠᠪᠬᠤ ᠭᠡᠷ᠎ᠡ ᠲᠣᠭᠲᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠦᠢᠯᠡᠳᠪᠦᠷᠢᠯᠡᠯ  ᠤᠨ ᠴᠢᠨᠠᠷᠲᠠᠢ ᠬᠠᠶᠠᠭᠳᠠᠮᠠᠯ ᠬᠠᠭᠤᠴᠢᠨ ᠲᠡᠮᠦᠷᠯᠢᠭ ᠢ ᠲᠤᠰᠢᠶᠠᠨ ᠬᠤᠳᠠᠯᠳᠤᠬᠤ ᠬᠡᠷᠡᠭᠲᠡᠢ᠃ ᠬᠤᠳᠠᠯᠳᠤᠨ ᠠᠪᠬᠤ ᠭᠡᠷ᠎ᠡ ᠳᠤ ᠡᠭᠡᠭᠦᠯᠦᠨ ᠬᠤᠷᠢᠶᠠᠬᠤ ᠦᠢᠯᠡᠳᠪᠦᠷᠢᠯᠡᠯ ᠤᠨ ᠴᠢᠨᠠᠷᠲᠠᠢ ᠬᠠᠶᠠᠭᠳᠠᠮᠠᠯ ᠬᠠᠭᠤᠴᠢᠨ ᠲᠡᠮᠦᠷᠯᠢᠭ ᠤᠨ ᠨᠡᠷᠡᠶᠢᠳᠦᠯ᠂ ᠲᠤᠭ᠎ᠠ ᠬᠡᠮᠵᠢᠶ᠎ᠡ᠂ ᠬᠡᠪ ᠪᠠᠷᠢᠮᠵᠢᠶ᠎ᠠ᠂ ᠡᠭᠡᠭᠦᠯᠦᠨ ᠬᠤᠷᠢᠶᠠᠬᠤ ᠬᠤᠭᠤᠴᠠᠭ᠎ᠠ ᠤᠳᠠᠭ᠎ᠠ᠂ ᠳ᠋ᠦᠩᠨᠡᠨ ᠪᠤᠳᠤᠬᠤ ᠠᠷᠭ᠎ᠠ ᠮᠠᠶ᠋ᠢᠭ ᠵᠡᠷᠭᠡ ᠶᠢ ᠪᠣᠯᠵᠣᠨ ᠲᠣᠭᠲᠠᠭᠠᠬᠤ ᠬᠡᠷᠡᠭᠲᠡᠢ᠃     ᠳᠣᠯᠣᠳᠤᠭᠠᠷ ᠵᠦᠢᠯ  ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠡᠵᠡᠩᠨᠡᠭᠴᠢ ᠦᠢᠯᠡᠳᠪᠦᠷᠢᠯᠡᠯ ᠤᠨ ᠴᠢᠨᠠᠷᠲᠠᠢ ᠬᠠᠶᠠᠭᠳᠠᠮᠠᠯ ᠬᠠᠭᠤᠴᠢᠨ ᠲᠡᠮᠦᠷᠯᠢᠭ ᠢ ᠬᠤᠷᠢᠶᠠᠨ ᠠᠪᠬᠤ ᠳᠤ᠂ ᠣᠨ ᠤ ᠨᠡᠷᠡᠶᠢᠳᠦᠯ᠂ ᠲᠤᠭ᠎ᠠ ᠬᠡᠮᠵᠢᠶ᠎ᠡ᠂ ᠬᠡᠪ ᠪᠠᠷᠢᠮᠵᠢᠶ᠎ᠠ᠂ ᠰᠢᠨ᠎ᠡ ᠬᠠᠭᠤᠴᠢᠨ ᠤ ᠬᠡᠮᠵᠢᠶ᠎ᠡ ᠵᠡᠷᠭᠡ ᠶᠢ ᠦᠨᠡᠨ ᠮᠥᠨ ᠢᠶᠠᠷ ᠨᠢ ᠳᠠᠩᠰᠠᠯᠠᠭᠤᠯᠬᠤ ᠬᠡᠷᠡᠭᠲᠡᠢ᠃  ᠬᠤᠳᠠᠯᠳᠤᠭᠴᠢ ᠨᠢ ᠨᠢᠭᠡᠴᠢ ᠪᠠᠶᠢᠪᠠᠯ᠂ ᠬᠤᠳᠠᠯᠳᠤᠬᠤ ᠨᠢᠭᠡᠴᠢ ᠶᠢᠨ ᠭᠠᠷᠭᠠᠭᠰᠠᠨ ᠭᠡᠷᠡᠴᠢ ᠶᠢ ᠪᠠᠶᠢᠴᠠᠭᠠᠨ ᠰᠢᠯᠭᠠᠬᠤ ᠶᠢᠨ ᠬᠠᠮᠲᠤ ᠬᠤᠳᠠᠯᠳᠤᠬᠤ ᠨᠢᠭᠡᠴᠢ ᠶᠢᠨ ᠨᠡᠷᠡᠶᠢᠳᠦᠯ᠂ ᠭᠠᠷᠳᠠᠨ ᠭᠦᠢᠴᠡᠳᠭᠡᠭᠴᠢ ᠶᠢᠨ ᠣᠪᠣᠭ ᠨᠡᠷ᠎ᠡ᠂ ᠣᠷᠣᠨ ᠰᠠᠭᠤᠴᠠ ᠶᠢᠨ ᠬᠠᠶ᠋ᠢᠭ᠂ ᠪᠡᠶ᠎ᠡ ᠶᠢᠨ ᠦᠨᠡᠮᠯᠡᠯ ᠤᠨ ᠨᠣᠮᠧᠷ ᠢ ᠦᠨᠡᠨ ᠮᠥᠨ ᠢᠶᠠᠷ ᠨᠢ ᠳᠠᠩᠰᠠᠯᠠᠭᠤᠯᠬᠤ ᠬᠡᠷᠡᠭᠲᠡᠢ; ᠬᠤᠳᠠᠯᠳᠤᠭᠴᠢ ᠨᠢ ᠬᠤᠪᠢ ᠬᠥᠮᠥᠨ ᠪᠠᠶᠢᠪᠠᠯ᠂ ᠬᠤᠳᠠᠯᠳᠤᠭᠴᠢ ᠶᠢᠨ ᠣᠪᠣᠭ ᠨᠡᠷ᠎ᠡ᠂ ᠣᠷᠣᠨ ᠰᠠᠭᠤᠴᠠ᠂ ᠪᠡᠶ᠎ᠡ ᠶᠢᠨ ᠦᠨᠡᠮᠯᠡᠯ ᠤᠨ ᠨᠣᠮᠧᠷ ᠢ ᠦᠨᠡᠨ ᠮᠥᠨ ᠢᠶᠠᠷ ᠨᠢ ᠳᠠᠩᠰᠠᠯᠠᠭᠤᠯᠬᠤ ᠬᠡᠷᠡᠭᠲᠡᠢ᠃  ᠳᠠᠩᠰᠠᠯᠠᠭᠰᠠᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ ᠬᠤᠶᠠᠷ ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠨᠠᠢᠮᠠᠳᠤᠭᠠᠷ ᠵᠦᠢᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠡᠵᠡᠩᠨᠡᠭᠴᠢ ᠡᠵᠡᠩᠨᠡᠯᠲᠡ ᠶᠢᠨ ᠠᠵᠢᠯᠯᠠᠭ᠎ᠠ ᠳᠤᠮᠳᠠ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠢᠵᠦ ᠪᠠᠶᠢᠴᠠᠭᠠᠬᠤ ᠪᠠᠷ ᠵᠠᠷᠯᠠᠭᠰᠠᠨ ᠪᠤᠵᠠᠷ ᠡᠳ᠋ ᠪᠤᠶᠤ ᠪᠤᠵᠠᠷ ᠡᠳ᠋ ᠤᠨ ᠰᠡᠵᠢᠭᠯᠡᠯᠲᠡᠢ ᠡᠳ᠋ ᠪᠣᠳᠠᠰ ᠢ ᠣᠯᠵᠤ ᠮᠡᠳᠡᠪᠡᠯ᠂ ᠲᠡᠷᠡ ᠳᠠᠷᠤᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ᠃  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠡᠵᠡᠩᠨᠡᠭᠴᠢ ᠶᠢᠨ ᠡᠵᠡᠩᠨᠡᠯᠲᠡ ᠶᠢᠨ ᠠᠵᠢᠯᠯᠠᠭ᠎ᠠ ᠳᠤᠮᠳᠠ ᠪᠠᠨ ᠣᠯᠵᠤ ᠮᠡᠳᠡᠭᠰᠡᠨ ᠪᠤᠵᠠᠷ ᠡᠳ᠋ ᠪᠤᠶᠤ ᠪᠤᠵᠠᠷ ᠡᠳ᠋ ᠤᠨ ᠰᠡᠵᠢᠭᠯᠡᠯᠲᠡᠢ ᠡᠳ᠋ ᠪᠣᠳᠠᠰ ᠢ ᠬᠠᠤᠯᠢ ᠶᠣᠰᠣᠭᠠᠷ ᠳᠠᠷᠤᠵᠤ ᠠᠪᠬᠤ ᠶᠢᠨ ᠬᠠᠮᠲᠤ ᠳᠠᠷᠤᠵᠤ ᠠᠪᠤᠭᠰᠠᠨ ᠨᠠᠷᠢᠨ ᠬᠠᠭᠤᠳᠠᠰᠤ ᠬᠢᠵᠦ ᠥᠭᠬᠦ ᠬᠡᠷᠡᠭᠲᠡᠢ᠃ ᠪᠤᠵᠠᠷ ᠡᠳ᠋ ᠤᠨ ᠰᠡᠵᠢᠭᠯᠡᠯᠲᠡᠢ ᠡᠳ᠋ ᠪᠣᠳᠠᠰ ᠨᠢ ᠪᠤᠵᠠᠷ ᠡᠳ᠋ ᠪᠢᠰᠢ ᠪᠣᠯᠬᠤ ᠶᠢ ᠪᠠᠶᠢᠴᠠᠭᠠᠨ ᠲᠣᠳᠣᠯᠠᠭᠰᠠᠨ ᠪᠠᠶᠢᠪᠠᠯ᠂ ᠴᠠᠭ ᠲᠤᠬᠠᠢ ᠳᠤᠨᠢ ᠪᠤᠴᠠᠭᠠᠵᠤ ᠥᠭᠬᠦ ᠬᠡᠷᠡᠭᠲᠡᠢ; ᠪᠠᠶᠢᠴᠠᠭᠠᠵᠤ ᠲᠣᠳᠣᠷᠬᠠᠶᠢᠯᠠᠭᠠᠳ ᠪᠤᠵᠠᠷ ᠡᠳ᠋ ᠲᠤ ᠲᠣᠭᠠᠴᠠᠭᠳᠠᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃       ᠶᠢᠰᠦᠳᠦᠭᠡᠷ ᠵᠦᠢᠯ  ᠳᠠᠬᠢᠯᠲᠠ ᠡᠬᠢ ᠪᠠᠶᠠᠯᠢᠭ ᠢ ᠴᠤᠭᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠪᠦᠬᠦ ᠶᠠᠪᠤᠴᠠ ᠳᠤ ᠤᠯᠤᠰ ᠤᠨ ᠬᠤᠯᠪᠣᠭᠳᠠᠯ ᠪᠦᠬᠦᠢ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ᠂ ᠮᠡᠷᠭᠡᠵᠢᠯ ᠤᠨ ᠲᠦᠷᠦ ᠶᠢᠨ ᠪᠣᠳᠣᠯᠭ᠎ᠠ ᠪᠠ ᠮᠡᠷᠭᠡᠵᠢᠯ ᠤᠨ ᠵᠢᠷᠤᠮᠵᠢᠯ ᠢ ᠵᠢᠷᠤᠮᠯᠠᠬᠤ ᠬᠡᠷᠡᠭᠲᠡᠢ᠃      ᠠᠷᠪᠠᠳᠤᠭᠠᠷ ᠵᠦᠢᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠡᠵᠡᠩᠨᠡᠭᠴᠢ ᠬᠠᠭᠤᠴᠢᠨ ᠪᠠᠷᠠᠭ᠎ᠠ ᠬᠤᠳᠠᠯᠳᠤᠨ ᠠᠪᠬᠤ᠂ ᠪᠣᠷᠣᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠡᠵᠡᠩᠨᠡᠯᠲᠡ ᠶᠢᠨ ᠠᠵᠢᠯᠯᠠᠭ᠎ᠠ ᠬᠢᠬᠦ   ᠳᠤ ᠬᠠᠭᠤᠴᠢᠨ ᠪᠠᠷᠠᠭ᠎ᠠ  ᠶᠢᠨ ᠭᠦᠢᠯᠭᠡᠭᠡᠨ ᠤ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ ᠬᠤᠤᠯᠢᠩᠭᠤᠤᠯ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠬᠦ ᠭᠠᠵᠠᠷ ︵ᠳᠠᠬᠢᠯᠲᠠ ᠡᠬᠢ ᠪᠠᠶᠠᠯᠢᠭ ᠤᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠪᠠᠭᠲᠠᠬᠤ ᠦᠭᠡᠢ︶ ᠨᠢ ᠡᠷᠬᠡᠪᠰᠢ ᠬᠠᠤᠯᠢ ᠶᠣᠰᠣᠨ ᠲᠤ ᠨᠡᠶᠢᠴᠡᠬᠦ ᠪᠥᠭᠡᠳ ᠲᠣᠭᠲᠠᠭᠠᠯ ᠲᠤ ᠨᠡᠶᠢᠴᠡᠬᠦ ᠪᠢᠲᠡᠭᠦᠮᠵᠢᠯᠡᠭᠰᠡᠨ ᠣᠷᠣᠨ ᠵᠠᠢ ᠪᠠᠶᠢᠬᠤ ᠬᠡᠷᠡᠭᠲᠡᠢ᠂ ᠵᠠᠳᠠᠭᠠᠢ ᠠᠵᠢᠯᠯᠠᠬᠤ ᠪᠠ ᠪᠠᠷᠠᠭ᠎ᠠ ᠣᠪᠣᠭᠠᠯᠠᠵᠤ ᠲᠠᠯᠪᠢᠬᠤ ᠶᠢ ᠴᠠᠭᠠᠵᠠᠯᠠᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠲᠤ ᠨᠡᠶᠢᠴᠡᠵᠦ᠂ ᠪᠦᠷᠢᠨ ᠲᠡᠭᠦᠯᠳᠡᠷ ᠭᠠᠯ ᠤᠨᠲᠠᠷᠠᠭᠠᠬᠤ ᠪᠡᠯᠡᠳᠬᠡᠮᠵᠢ ᠪᠣᠯᠣᠨ ᠣᠷᠴᠢᠨ ᠲᠣᠭᠤᠷᠢᠨ ᠤ ᠠᠷᠢᠭᠤᠨ ᠴᠡᠪᠡᠷ ᠢ ᠠᠷᠢᠭᠤᠳᠬᠠᠬᠤ ᠲᠥᠬᠦᠭᠡᠷᠦᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠡᠵᠡᠩᠨᠡᠯᠲᠡ ᠶᠢᠨ ᠭᠠᠵᠠᠷ ᠲᠠᠯᠠᠪᠤᠷ ᠬᠢᠭᠡᠳ ᠲᠡᠮᠦᠷ ᠵᠠᠮ ᠳᠠᠭᠠᠤ᠂ ᠨᠢᠰᠬᠡᠯ ᠤᠨ ᠪᠠᠭᠤᠳᠠᠯ᠂ ᠲᠡᠮᠦᠷᠯᠢᠭ ᠪᠣᠯᠪᠠᠰᠤᠷᠠᠭᠤᠯᠵᠤ ᠡᠳ᠋ᠰᠢᠭᠦᠯᠬᠦ ᠠᠵᠤ ᠠᠬᠤᠶᠢᠯᠠᠯ ᠤᠨ ᠬᠤᠭᠤᠷᠣᠨᠳᠣᠬᠢ ᠵᠠᠢ ᠨᠢ 500 ᠮᠧᠲᠷ ᠠᠴᠠ ᠶᠡᠭᠡ ᠪᠠᠶᠢᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠪᠢᠶᠠᠷᠢᠯᠠᠨ ᠲᠣᠭᠲᠠᠭᠠᠭᠰᠠᠨ ᠨᠤᠷᠠᠭᠠᠵᠤ ᠨᠡᠭᠦᠯᠭᠡᠬᠦ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠪᠣᠯᠣᠨ ᠪᠤᠰᠤᠳ ᠣᠨᠴᠣᠭᠤᠢ ᠬᠠᠮᠠᠭᠠᠯᠠᠬᠤ ᠴᠢᠬᠤᠯᠠ ᠲᠠᠢ ᠣᠷᠣᠨ ᠪᠦᠰᠡ ᠶᠢᠨ ᠳᠣᠲᠣᠷ᠎ᠠ᠂ ᠳᠠᠬᠢᠯᠲᠠ ᠡᠬᠢ ᠪᠠᠶᠠᠯᠢᠭ ᠤᠨ ᠡᠵᠡᠩᠨᠡᠯᠲᠡ ᠶᠢᠨ ᠠᠵᠢᠯᠯᠠᠭ᠎ᠠ ᠡᠷᠭᠢᠯᠡᠬᠦ ᠶᠢ ᠴᠠᠭᠠᠵᠠᠯᠠᠨ᠎ᠠ᠃     ᠠᠷᠪᠠᠨ ᠬᠤᠶᠠᠳᠤᠭᠠᠷ ᠵᠦᠢᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠣᠣᠷ ᠴᠢᠭ᠋ ᠢ ᠶᠡᠷᠦᠩᠬᠡᠢ ᠬᠡᠮᠵᠢᠶ᠎ᠡ ᠶᠢ ᠡᠵᠡᠮᠳᠡᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠣᠷᠴᠢᠨ ᠲᠣᠭᠤᠷᠢᠨ ᠢ ᠬᠠᠮᠠᠭᠠᠯᠠᠵᠤ ᠠᠷᠠᠳ ᠲᠤ ᠲᠥᠬᠦᠮ ᠦᠵᠡᠭᠦᠯᠬᠦ ᠵᠠᠷᠴᠢᠮ ᠶᠣᠰᠣᠭᠠᠷ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠬᠡᠷᠡᠭᠲᠡᠢ᠃  ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠶᠢ ᠡᠵᠡᠩᠨᠡᠭᠴᠢ ᠲᠠᠯᠠᠪᠠᠶ ᠶᠢᠨ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠ ᠵᠢᠩᠯᠡᠬᠦ ᠭᠠᠵᠠᠷ ᠵᠡᠷᠭᠡ ᠭᠠᠵᠠᠷ ᠲᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠡᠯᠡᠳᠬᠡᠮᠵᠢ ᠤᠭᠰᠠᠷᠠᠵᠤ᠂ ᠲᠤᠰᠬᠠᠢ ᠬᠢᠨᠠᠨ ᠡᠵᠡᠮᠳᠡᠬᠦ ᠲᠠᠰᠤᠭ ᠪᠠᠶᠢᠭᠤᠯᠤᠨ᠂ 24 ᠴᠠᠭ ᠲᠤ ᠮᠠᠰᠢᠨ ᠢᠶᠠᠨ ᠨᠡᠭᠡᠭᠡᠵᠦ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠤᠨ ᠵᠢᠷᠤᠭ ᠳᠦᠷᠰᠦ ᠨᠢ ᠲᠣᠳᠣᠷᠬᠠᠢ᠂ ᠬᠠᠳᠠᠭᠠᠯᠠᠬᠤ ᠡᠳᠦᠷ ᠬᠤᠭᠤᠴᠠᠭ᠎ᠠ ᠨᠢ 30 ᠡᠳᠦᠷ ᠠᠴᠠ ᠳᠡᠭᠡᠭᠰᠢ ᠪᠠᠶᠢᠬᠤ ᠬᠡᠷᠡᠭᠲᠡᠢ᠃     ᠠᠷᠪᠠᠨ ᠭᠤᠷᠪᠠᠳᠤᠭᠠᠷ ᠵᠦᠢᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠳᠤ ᠭᠡᠷ ᠲᠤᠨᠢ ᠬᠦᠷᠴᠦ ᠡᠭᠡᠭᠦᠯᠦᠨ ᠬᠤᠷᠢᠶᠠᠬᠤ᠂ ᠨᠡᠭᠦᠳᠡᠯ ᠢ ᠡᠭᠡᠭᠦᠯᠦᠨ ᠬᠤᠷᠢᠶᠠᠬᠤ᠂ ᠲᠣᠭᠲᠠᠮᠠᠯ ᠭᠠᠵᠠᠷ  ᠡᠭᠡᠭᠦᠯᠦᠨ ᠬᠤᠷᠢᠶᠠᠬᠤ ᠵᠡᠷᠭᠡ ᠠᠷᠭ᠎ᠠ  ᠮᠠᠶ᠋ᠢᠭ ᠢ ᠠᠪᠴᠤ ᠪᠣᠯᠣᠨ᠎ᠠ᠃  ᠠᠷᠪᠠᠨ ᠳᠥᠷᠪᠡᠳᠦᠭᠡᠷ ᠵᠦᠢᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠡᠵᠡᠩᠨᠡᠭᠴᠢ ᠳᠠᠬᠢᠯᠲᠠ ᠡᠬᠢ ᠪᠠᠶᠠᠯᠢᠭ ᠢ ᠲᠡᠭᠡᠭᠡᠪᠦᠷᠢᠯᠡᠬᠦ᠂ ᠪᠣᠯᠪᠠᠰᠤᠷᠠᠭᠤᠯᠬᠤ᠂ ᠰᠢᠢᠳᠪᠦᠷᠢᠯᠡᠬᠦ   ᠳᠤ ︽ᠲᠦᠩᠯᠢᠶᠣᠣ ᠬᠤᠳᠠ ᠶᠢᠨ ᠬᠤᠳᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ  ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠲᠤ ᠨᠡᠶᠢᠴᠡᠭᠰᠡᠨ ᠪᠠᠶᠢᠬᠤ ᠬᠡᠷᠡᠭᠲᠡᠢ᠂ ᠣᠷᠴᠢᠨ ᠲᠣᠭᠤᠷᠢᠨ ᠢ ᠪᠣᠬᠢᠷᠲᠤᠭᠤᠯᠵᠤ ᠪᠣᠯᠬᠤ ᠦᠭᠡᠢ᠂ ᠡᠷᠭᠢᠨ ᠲᠣᠭᠤᠷᠢᠨ ᠤ ᠨᠢᠭᠡᠴᠡ ᠪᠠ ᠰᠠᠭᠤᠭᠠᠯᠢ ᠠᠷᠠᠳ ᠬᠡᠪ ᠤᠨ ᠦᠢᠯᠡᠳᠪᠦᠷᠢᠯᠡᠯ ᠪᠠ ᠠᠮᠢᠳᠤᠷᠠᠯ  ᠢ ᠨᠥᠯᠥᠭᠡᠯᠡᠵᠦ ᠪᠣᠯᠬᠤ ᠦᠭᠡᠢ᠃     ᠠᠷᠪᠠᠨ ᠲᠠᠪᠤᠳᠤᠭᠠᠷ ᠵᠦᠢᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠡᠵᠡᠩᠨᠡᠭᠴᠢ ᠨᠢ ᠬᠤᠳᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠪᠣᠯᠣᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠨ᠂ ᠭᠠᠯ ᠤᠨᠲᠠᠷᠠᠭᠠᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠭᠠᠯ ᠤᠨ ᠠᠶᠤᠯ ᠤᠨ ᠳᠠᠯᠳᠠ ᠭᠡᠮ ᠦᠯᠡᠳᠡᠭᠡᠵᠦ ᠪᠣᠯᠬᠤ ᠦᠭᠡᠢ᠂ ᠡᠵᠡᠩᠨᠡᠯᠲᠡ ᠶᠢᠨ ᠭᠠᠵᠠᠷ ᠲᠠᠯᠠᠪᠤᠷ ᠢ ᠨᠣᠭᠤᠭᠠᠷᠠᠭᠤᠯᠵᠤ᠂ ᠭᠤᠶᠣᠵᠢᠭᠤᠯᠬᠤ ᠬᠡᠷᠡᠭᠲᠡᠢ᠂ ᠬᠤᠳᠠ  ᠶᠢᠨ ᠦᠵᠡᠮᠵᠢ ᠶᠢ ᠨᠥᠯᠥᠭᠡᠯᠡᠵᠦ ᠪᠣᠯᠬᠤ ᠦᠭᠡᠢ᠃    ᠠᠷᠪᠠᠨ ᠵᠢᠷᠭᠤᠳᠤᠭᠠᠷ ᠵᠦᠢᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠲᠥᠰᠥᠯ ᠢ ᠲᠣᠭᠲᠠᠭᠠᠬᠤ ᠪᠠ ᠬᠡᠷᠡᠭᠵᠢᠭᠦᠯᠬᠦ ᠶᠢ ᠬᠠᠷᠢᠭᠤᠴᠠᠵᠤ᠂ ᠲᠣᠰ ᠣᠷᠣᠨ ᠪᠦᠰᠡ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠶᠢᠨ ᠬᠡᠷᠡᠭᠵᠢᠭᠦᠯᠬᠦ ᠲᠥᠰᠥᠯ ᠵᠢᠴᠢ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠨ᠎ᠠ᠃     ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠳᠠᠬᠢᠯᠲᠠ ᠡᠬᠢ ᠪᠠᠶᠠᠯᠢᠭ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠳᠠᠬᠢᠯᠲᠠ ᠡᠬᠢ ᠪᠠᠶᠠᠯᠢᠭ ᠤᠨ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠪᠠ ᠠᠵᠤ ᠦᠶᠢᠯᠡᠰᠵᠢᠭᠦᠯᠦᠨ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃     ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠢᠷᠠᠬᠤ ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠶᠢ ᠬᠠᠷᠢᠭᠤᠴᠠᠵᠤ᠂ ᠬᠠᠶᠠᠭᠳᠠᠮᠠᠯ ᠬᠠᠭᠤᠴᠢᠨ ᠲᠡᠮᠦᠷᠯᠢᠭ ᠢ ᠬᠤᠷᠢᠶᠠᠨ ᠠᠪᠴᠢᠷᠠᠬᠤ ᠡᠵᠡᠩᠨᠡᠭᠴᠢ ᠶᠢᠨ ᠡᠵᠡᠩᠨᠡᠯᠲᠡ ᠶᠢᠨ ᠠᠵᠢᠯᠯᠠᠭ᠎ᠠ ᠳᠤ ᠬᠠᠮᠢᠶᠠᠷᠤᠯᠲᠠ ᠶᠠᠪᠤᠭᠤᠯᠵᠤ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠢᠷᠠᠬᠤ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠢᠯᠡᠷᠡᠭᠰᠡᠨ ᠪᠤᠵᠠᠷ ᠡᠳ᠋ ᠢ ᠬᠤᠷᠢᠶᠠᠨ ᠠᠪᠬᠤ᠂ ᠪᠤᠵᠠᠷ ᠡᠳ᠋ ᠢ ᠪᠣᠷᠣᠯᠠᠭᠤᠯᠬᠤ᠂ ᠪᠤᠵᠠᠷ ᠡᠳ᠋ ᠢ ᠨᠢᠭᠤᠨ ᠳᠠᠯᠳᠠᠯᠠᠬᠤ ᠵᠡᠷᠭᠡ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠳᠠᠬᠢᠯᠲᠠ ᠡᠬᠢ ᠪᠠᠶᠠᠯᠢᠭ ᠤᠨ ᠨᠡᠭᠦᠳᠡᠯ ᠬᠤᠷᠢᠶᠠᠨ ᠠᠪᠴᠢᠷᠠᠬᠤ ᠲᠤᠰᠬᠠᠢ ᠲᠡᠷᠭᠡ ᠬᠥᠰᠬᠡ ᠶᠢᠨ ᠨᠡᠪᠲᠡᠷᠡᠬᠦ ᠳᠤ ᠳᠡᠮᠵᠢᠯᠭᠡ ᠦᠵᠡᠭᠦᠯᠦᠨ᠎ᠡ᠃      ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ ᠶᠢᠨ ᠳᠡᠩᠰᠡᠯᠡᠨ ᠬᠠᠮᠢᠶᠠᠷᠬᠤ ᠶᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠠᠬᠢᠯᠲᠠ ᠡᠬᠢ ᠪᠠᠶᠠᠯᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠶᠠᠪᠤᠴᠠ ᠳᠠᠬᠢ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ ᠴᠠᠭᠠᠵᠠ ᠬᠠᠤᠯᠢ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠣᠣᠷ ᠴᠢᠭ᠋ ᠢ ᠬᠤᠲᠠ ᠶᠢᠨ ᠲᠥᠯᠦᠪᠵᠢᠭᠦᠯᠭᠡ ᠳᠤ ᠣᠷᠣᠭᠤᠯᠬᠤ ᠶᠢ ᠬᠠᠷᠢᠭᠤᠴᠠᠵᠤ᠂ ᠬᠤᠲᠠ ᠶᠢᠨ ᠲᠥᠯᠦᠪᠵᠢᠭᠦᠯᠭᠡ ᠳᠤ ᠨᠡᠶᠢᠴᠡᠬᠦ ᠦᠭᠡᠢ ᠶᠢ ᠨᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃     ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ︽ᠲᠦᠩᠯᠢᠶᠣᠣ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ᠂ ᠬᠤᠲᠠ ᠶᠢᠨ ᠬᠡᠪᠴᠢᠶᠡᠨ ᠳᠣᠲᠣᠷᠠᠬᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃     ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠬᠠᠶᠠᠭᠳᠠᠮᠠᠯ ᠬᠠᠭᠤᠴᠢᠨ ᠳᠤᠭᠤᠶᠢᠯᠠᠪᠤᠷᠢ ᠶᠢ ᠡᠭᠡᠭᠦᠯᠦᠨ ᠬᠤᠷᠢᠶᠠᠬᠤ ᠶᠢ ᠵᠢᠷᠤᠮᠵᠢᠭᠤᠯᠤᠨ ᠬᠠᠮᠢᠶᠠᠷᠬᠤ ᠶᠢ ᠬᠠᠷᠢᠭᠤᠴᠠᠨ᠎ᠠ᠃     ᠰᠤᠮᠤ ︵ᠵᠡᠭᠡᠯᠢ ᠭᠤᠳᠤᠮᠵᠢ︶ ᠶᠢ ᠬᠠᠷᠢᠶ᠎ᠠ ᠭᠠᠵᠠᠷ ᠢᠶᠠᠷ ᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠲᠣᠰ ᠣᠷᠣᠨ ᠪᠦᠰᠡ ᠶᠢᠨ ᠳᠣᠲᠣᠷᠠᠬᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠣᠣᠷ ᠴᠢᠭ᠋ ᠤᠨ ᠲᠤᠭ᠎ᠠ ᠬᠡᠮᠵᠢᠶ᠎ᠡ᠂ ᠲᠠᠷᠬᠠᠯᠲᠠ᠂ ᠡᠵᠡᠩᠨᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠬᠠᠷᠢᠭᠤᠴᠠᠵᠤ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ ᠶᠢᠨ ᠡᠬᠡ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ ᠶᠢᠨ ᠠᠶᠤᠯ ᠦᠭᠡᠢ ᠦᠢᠯᠡᠳᠪᠦᠷᠢᠯᠡᠯ᠂ ᠭᠠᠯ ᠤᠨᠲᠠᠷᠠᠭᠠᠬᠤ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠢᠯ ᠢ ᠬᠠᠤᠯᠢ ᠶᠣᠰᠣᠭᠠᠷ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ  ᠳᠤᠨᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠠᠷᠢᠭᠤ ᠲᠤᠰᠬᠠᠬᠤ ᠬᠡᠷᠡᠭᠲᠡᠢ᠃ ᠡᠭᠦᠨ ᠤ ᠬᠠᠮᠲᠤ᠂ ᠭᠠᠯ ᠤᠨᠲᠠᠷᠠᠭᠠᠬᠤ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠢᠵᠢᠭ ᠲᠣᠭᠤᠷᠢᠭ ᠤᠨ ᠠᠰᠠᠷ ᠤᠨ ᠬᠤᠩᠭᠢᠯ ᠳᠤ ᠬᠠᠶᠠᠭᠳᠠᠮᠠᠯ ᠬᠠᠭᠤᠴᠢᠨ ᠡᠳ᠋ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠶᠠᠪᠤᠳᠠᠯ ᠢ ᠴᠠᠭ ᠲᠤᠬᠠᠢ ᠳᠤᠨᠢ ᠢᠯᠭᠠᠷᠠᠭᠤᠯᠤᠨ ᠴᠡᠭᠴᠡᠯᠡᠨ᠎ᠡ᠃      ᠳᠠᠯᠠᠢ ᠬᠤᠰᠢᠭᠤ ᠰᠤᠮᠤ ᠬᠠᠷᠢᠶ᠎ᠠ ᠣᠷᠣᠨ ᠤ ᠪᠠᠨ ᠬᠤᠲᠠ ᠬᠥᠳᠡᠭᠡ ᠶᠢᠨ ᠲᠥᠯᠦᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠡᠪᠡᠷᠯᠡᠨ ᠴᠡᠭᠴᠡᠯᠡᠪᠡ᠃       ᠠᠷᠪᠠᠨ ᠳᠣᠯᠣᠳᠤᠭᠠᠷ ᠵᠦᠢᠯ ᠡᠵᠡᠩᠨᠡᠯᠲᠡ ᠶᠢᠨ ᠦᠨᠡᠮᠯᠡᠯ ᠢ ᠬᠠᠤᠯᠢ ᠶᠣᠰᠣᠭᠠᠷ ᠣᠯᠣᠭᠰᠠᠨ ᠦᠭᠡᠢ ᠪᠠᠷ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠬᠦ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ᠂ ᠡᠰᠡᠬᠦᠯ᠎ᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠢᠨᠠᠨ ᠵᠥᠪᠰᠢᠶᠡᠷᠡᠵᠦ ᠡᠵᠡᠩᠨᠡᠬᠦ ᠬᠡᠪᠴᠢᠶ᠎ᠡ ᠠᠴᠠ ᠳᠠᠪᠠᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ   ᠠᠴᠠ ︽ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠩᠰᠡᠯᠡᠨ ᠬᠠᠮᠢᠶᠠᠷᠬᠤ ᠳᠦᠷᠢᠮ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠳᠬᠡᠨ ᠲᠣᠷᠭᠠᠨ᠎ᠠ᠃     ᠠᠷᠪᠠᠨ ᠨᠠᠢᠮᠠᠳᠤᠭᠠᠷ ᠵᠦᠢᠯ ᠲᠤᠰ ᠬᠡᠷᠡᠭᠵᠢᠭᠦᠯᠬᠦ ᠲᠥᠰᠥᠯ ᠤᠨ ᠲᠠᠪᠤᠳᠤᠭᠠᠷ ᠵᠦᠢᠯ ᠤᠨ ᠲᠣᠭᠲᠠᠭᠠᠯ ᠢ ᠵᠥᠷᠢᠴᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠡᠷᠡᠮᠵᠢ ᠥᠭᠴᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠡᠵᠡᠩᠨᠡᠭᠴᠢ ᠶᠢ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠨ᠎ᠡ᠃      ᠠᠷᠪᠠ ᠶᠢᠰᠦᠳᠦᠭᠡᠷ ᠵᠦᠢᠯ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠡᠵᠡᠩᠨᠡᠭᠴᠢ ᠲᠤᠰ ᠲᠥᠰᠥᠯ  ᠤᠨ ᠳᠣᠯᠣᠳᠤᠭᠠᠷ ᠵᠦᠢᠯ ᠤᠨ ᠨᠢᠭᠡᠳᠦᠭᠡᠷ᠂ ᠬᠤᠶᠠᠳᠤᠭᠠᠷ ᠵᠤᠷᠪᠤᠰ  ᠲᠣᠭᠲᠠᠭᠠᠯ ᠠᠴᠠ ᠵᠥᠷᠢᠴᠡᠵᠦ᠂ ᠦᠢᠯᠡᠳᠪᠦᠷᠢᠯᠡᠯ  ᠤᠨ ᠴᠢᠨᠠᠷᠲᠠᠢ ᠬᠠᠶᠠᠭᠳᠠᠮᠠᠯ ᠬᠠᠭᠤᠴᠢᠨ ᠲᠡᠮᠦᠷᠯᠢᠭ ᠬᠤᠳᠠᠯᠳᠤᠨ ᠠᠪᠬᠤ ᠲᠤ ᠦᠨᠡᠨ ᠮᠥᠨ ᠢᠶᠠᠷ ᠨᠢ ᠳᠠᠩᠰᠠᠯᠠᠭᠤᠯᠤᠭᠰᠠᠨ ᠦᠭᠡᠢ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ︽ᠬᠠᠶᠠᠭᠳᠠᠮᠠᠯ ᠬᠠᠭᠤᠴᠢᠨ ᠲᠡᠮᠦᠷᠯᠢᠭ ᠬᠤᠳᠠᠯᠳᠤᠨ ᠠᠪᠬᠤ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠨ ᠰᠢᠳᠬᠡᠨ ᠲᠣᠷᠭᠠᠨ᠎ᠠ᠃     ᠬᠤᠷᠢᠳᠤᠭᠠᠷ ᠵᠦᠢᠯ ᠲᠤᠰ ᠲᠥᠰᠥᠯ ᠤᠨ ᠳᠣᠯᠣᠳᠤᠭᠠᠷ ᠵᠦᠢᠯ ᠤᠨ  ᠭᠤᠷᠪᠠᠳᠤᠭᠠᠷ ᠵᠤᠷᠪᠤᠰ ᠤᠨ ᠲᠣᠭᠲᠠᠭᠠᠯ ᠠᠴᠠ ᠵᠥᠷᠢᠴᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃   ᠬᠤᠷᠢᠨ ᠨᠢᠭᠡᠳᠦᠭᠡᠷ ᠵᠦᠢᠯ ᠲᠣᠰ ᠲᠥᠰᠥᠯ ᠤᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠪᠤᠵᠠᠷ ᠡᠳ᠋ ᠪᠤᠶᠤ ᠪᠤᠵᠠᠷ ᠡᠳ᠋ ᠤᠨ ᠰᠡᠵᠢᠭᠯᠡᠯᠲᠡᠢ ᠡᠳ᠋ ᠪᠣᠳᠠᠰ ᠢ ᠣᠯᠵᠤ ᠮᠡᠳᠡᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ   ᠠᠴᠠ ᠳᠣᠩᠭᠤᠳᠴᠤ᠂ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ ᠬᠦᠨᠳᠦ ᠨᠣᠴᠢᠲᠠᠢ ᠤᠷᠰᠢᠭ ᠲᠠᠲᠠᠭᠰᠠᠨ ᠪᠤᠶᠤ ᠣᠯᠠᠨᠲᠠ ᠰᠤᠷᠭᠠᠪᠠᠴᠤ ᠵᠠᠰᠠᠷᠠᠬᠤ ᠦᠭᠡᠢ ᠪᠠᠶᠢᠪᠠᠯ᠂ 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ᠃    ᠬᠤᠷᠢᠨ ᠬᠤᠶᠠᠳᠤᠭᠠᠷ ᠵᠦᠢᠯ ᠳᠠᠯᠠᠶ ᠶᠢᠨ ᠬᠤᠰᠢᠭᠤ ᠰᠤᠮᠤ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠬᠤᠲᠠ ᠶᠢᠨ ᠵᠠᠮ ᠵᠢᠴᠢ ᠬᠤᠶᠠᠷ ᠬᠠᠵᠠᠭᠤ᠂ ᠶᠠᠪᠠᠭᠠᠨ ᠬᠥᠮᠥᠨ ᠤ ᠵᠡᠭᠡᠯᠢ ᠥᠩᠭᠡᠷᠡᠬᠦ ᠬᠥᠭᠦᠷᠭᠡ᠂ ᠶᠠᠪᠠᠭᠠᠨ ᠬᠥᠮᠥᠨ ᠤ ᠭᠠᠵᠠᠷ ᠳᠣᠣᠷᠠᠬᠢ ᠵᠡᠭᠡᠯᠢ ᠥᠩᠭᠡᠷᠡᠬᠦ ᠵᠠᠮ᠂ ᠨᠣᠭᠤᠭᠠᠨ ᠭᠠᠵᠠᠷ ᠵᠢᠴᠢ ᠪᠤᠰᠤᠳ ᠣᠯᠠᠨ ᠨᠡᠶᠢᠲᠡ ᠶᠢᠨ ᠲᠠᠯᠠᠪᠤᠷ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠵᠦ ᠳᠠᠬᠢᠨ ᠡᠭᠦᠰᠬᠦ ᠡᠬᠢ ᠪᠠᠶᠠᠯᠢᠭ ᠢ ᠬᠤᠷᠢᠶᠠᠨ ᠠᠪᠴᠤ ᠡᠵᠡᠩᠨᠡᠭᠰᠡᠨ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠢᠯᠭᠠᠷᠠᠭᠤᠯᠤᠨ᠎ᠠ᠂ ᠬᠤᠭᠤᠴᠠᠭ᠎ᠠ ᠬᠡᠲᠦᠷᠡᠲᠡᠯ᠎ᠡ ᠢᠯᠭᠠᠷᠠᠭᠤᠯᠤᠭᠰᠠᠨ ᠦᠭᠡᠢ ᠪᠠᠶᠢᠪᠠᠯ᠂ ᠳᠣᠩᠭᠤᠳᠴᠤ᠂ 50 ᠲᠥᠭᠦᠷᠢᠭ ᠠᠴᠠ ᠳᠡᠭᠡᠭᠰᠢ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠳᠡᠯᠭᠡᠭᠦᠷ ᠤᠨ ᠭᠠᠳᠠᠨ᠎ᠠ ᠵᠠᠮ ᠡᠵᠡᠯᠡᠨ ᠡᠵᠡᠩᠨᠡᠬᠦ ᠠᠵᠢᠯ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠴᠡᠪᠡᠷᠯᠡᠭᠦᠯᠬᠦ ᠪᠤᠶᠤ ᠨᠤᠷᠠᠭᠠᠯᠭᠠᠨ᠎ᠠ; ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠵᠠᠰᠠᠬᠤ ᠦᠭᠡᠢ᠂ ᠢᠯᠭᠠᠷᠠᠭᠤᠯᠬᠤ ᠦᠭᠡᠢ ᠪᠤᠶᠤ ᠨᠤᠷᠠᠭᠠᠬᠤ ᠦᠭᠡᠢ ᠪᠠᠶᠢᠪᠠᠯ᠂ ᠬᠠᠤᠯᠢ ᠶᠣᠰᠣᠭᠠᠷ ᠠᠯᠪᠠᠳᠠᠯᠭ᠎ᠠ ᠪᠠᠷ ᠢᠯᠭᠠᠷᠠᠭᠤᠯᠵᠤ ᠨᠤᠷᠠᠭᠠᠬᠤ ᠶᠢᠨ ᠬᠠᠮᠲᠤ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ᠃    ᠬᠤᠷᠢᠨ ᠭᠤᠷᠪᠠᠳᠤᠭᠠᠷ ᠵᠦᠢᠯ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠬᠦᠨᠳᠦ ᠨᠣᠴᠢᠲᠠᠢ ᠠᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠨ᠂ ᠬᠡᠭᠡᠯᠢ ᠬᠠᠭ᠋ᠤᠤᠯᠢ ᠢᠳᠡᠵᠦ᠂ ᠳᠠᠬᠢᠯᠲᠠ ᠡᠬᠢ ᠪᠠᠶᠠᠯᠢᠭ  ᠢ ᠡᠭᠡᠭᠦᠯᠦᠨ ᠬᠤᠷᠢᠶᠠᠵᠤ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠣᠯ ᠥᠢᠯᠡ ᠪᠠᠶᠢᠳᠠᠯ  ᠢ ᠨᠢ ᠦᠵᠡᠵᠦ ᠪᠠᠶᠢᠭᠠᠳ ᠵᠣᠬᠢᠴᠠᠩᠭᠤᠢ ᠰᠢᠳᠬᠡᠯ ᠥᠭᠭᠦᠨ᠎ᠡ᠂ ᠶᠠᠯ᠎ᠠ   ᠳᠤ ᠬᠥᠷᠥᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠷᠢᠨ ᠳᠥᠷᠪᠡᠳᠦᠭᠡᠷ ᠵᠦᠢᠯ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ  ᠨᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠡᠯ᠎ᠡ ᠨᠢᠭᠡᠴᠡ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ ᠤᠨ ᠡᠭᠦᠷᠭᠡ ᠶᠢ ᠥᠷᠨᠢᠭᠦᠯᠦᠭᠰᠡᠨ ᠪᠠᠶᠢᠳᠠᠯ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ ᠪᠠᠶᠢᠴᠠᠭᠠᠯᠲᠠ ᠬᠢᠵᠦ᠂ ᠠᠵᠢᠯ ᠤᠨ ᠳᠤᠮᠳᠠ ᠠᠬᠢᠭᠤᠯᠤᠭᠰᠠᠨ ᠢᠶᠠᠷ ᠬᠦᠴᠦᠨ ᠦᠭᠡᠢ᠂ ᠬᠠᠷᠢᠯᠴᠠᠨ ᠲᠦᠯᠬᠢᠯᠴᠡᠵᠦ ᠬᠠᠷᠢᠯᠴᠠᠨ ᠲᠦᠯᠬᠢᠯᠴᠡᠬᠦ ᠵᠡᠷᠭᠡ ᠦᠵᠡᠭᠳᠡᠯ ᠣᠷᠣᠰᠢᠵᠤ ᠪᠠᠶᠢᠬᠤ ᠵᠢᠴᠢ ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠦᠭᠰᠡᠨ ᠦᠭᠡᠢ ᠨᠢᠭᠡᠴᠡ ᠶᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠵᠠᠷᠯᠠᠨ ᠰᠢᠭᠦᠮᠵᠢᠯᠡᠨ᠎ᠡ᠃   ᠬᠤᠷᠢᠨ ᠲᠠᠪᠤᠳᠤᠭᠠᠷ ᠵᠦᠢᠯ ᠲᠤᠰ ᠬᠡᠷᠡᠭᠵᠢᠭᠦᠯᠬᠦ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠳᠠᠭᠠᠯᠳᠤᠭᠤᠯᠤᠯ ᠬᠤᠤᠯᠢᠩᠭᠤᠤᠯ ᠬᠤᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠳᠤᠷᠢᠳᠬᠤ ᠳᠤᠭᠤᠶᠢᠯᠠᠩ  ᠪᠥᠬᠦ ᠬᠤᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ ᠲᠥᠷᠥᠯ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠡᠳᠦᠭᠡ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠶ᠎ᠠ᠂ ᠪᠦᠷᠢᠯᠳᠦᠭᠦᠨ ᠨᠢ ᠳᠣᠣᠷᠠᠬᠢ ᠮᠡᠲᠦ᠄ ᠳᠤᠭᠤᠶᠢᠯᠠᠩ ᠤᠨ ᠳᠠᠷᠤᠭ᠎ᠠ᠄ ᠯᠢ ᠵᠢᠶᠠᠨ ᠬᠤᠶ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠳᠡᠳ᠋ ᠳᠤᠭᠤᠶᠢᠯᠠᠩ ᠤᠨ ᠳᠠᠷᠤᠭ᠎ᠠ᠄ ᠵᠢᠶᠠᠩ ᠭᠠᠢ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠦᠢ ᠸᠧᠨ ᠵᠢᠶᠧ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠠᠰᠤᠨ ᠳᠤ ᠬᠦᠷᠦᠭᠰᠡᠳ᠄ ᠵᠣᠣ ᠭᠠᠩ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠹᠠᠨ ᠰᠢᠶᠣᠣ ᠯᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠵᠸᠤ ᠰᠢᠶᠤᠤ ᠬᠤᠩ ᠬᠤᠲᠠ ᠶᠢᠨ ᠵᠠᠰᠠᠭ ᠤᠨ ᠤᠷᠳᠤᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠳᠠᠨ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号