ᠨᠣᠭᠤᠭ᠎ᠠ ᠪᠠᠨ ᠵᠥᠪ ᠤᠬᠢᠶᠠᠬᠤ ᠨᠢ ᠨᠡᠩ ᠴᠢᠬᠤᠯᠠ
ᠨᠡᠶᠢᠲᠡᠯᠡᠭᠰᠡᠨ ᠴᠠᠭ᠄
2023/12/11
     ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ ᠪᠠᠶᠢᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃  ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡᠨ ᠤ ᠵᠢᠩᠬᠢᠨᠢ ᠳᠡᠯᠭᠡᠭᠦᠷ ᠠᠴᠠ ᠬᠤᠳᠠᠯᠳᠤᠨ ᠠᠪᠤᠭᠰᠠᠨ ᠣᠯᠠᠩᠬᠢ ᠢᠳᠡᠰᠢᠨ ᠨᠣᠭᠤᠭ᠎ᠠ ᠶᠢᠨ ᠲᠠᠷᠢᠶᠠᠨ  ᠡᠮ ᠤᠨ ᠦᠯᠡᠳᠡᠭᠳᠡᠯ ᠨᠢ ᠪᠦᠷ ᠲᠣᠭᠲᠠᠭᠰᠠᠨ ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ ᠤᠬᠢᠶᠠᠬᠤ ᠮᠠᠰᠢᠨ ᠢ ᠬᠡᠷᠡᠭᠯᠡᠬᠦ ᠦᠭᠡᠢ ᠪᠠᠷ  ᠪᠤᠳᠤᠬᠤ ᠳᠤ᠂ ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠪᠦᠲᠦᠮᠵᠢᠲᠡᠶ ᠠᠷᠢᠯᠭᠠᠵᠤ ᠴᠢᠳᠠᠨ᠎ᠠ᠂ ᠡᠭᠦᠨ ᠳᠤ ᠳᠣᠣᠷᠠᠬᠢ ᠮᠡᠲᠦ  ᠠᠷᠭ᠎ᠠ ᠶᠢ ᠲᠠᠨᠢᠯᠴᠠᠭᠤᠯᠤᠶ᠎ᠠ᠄         ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ ᠴᠡᠪᠡᠷ ᠤᠰᠤᠨ ᠳᠤ 10 ᠮᠢᠨᠦ᠋ᠲ ᠳᠡᠪᠲᠦᠭᠡᠵᠦ᠂  ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃         ᠪᠤᠳᠠᠭ᠎ᠠ ᠤᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠤᠬᠢᠶᠠᠭᠰᠠᠨ ᠤᠰᠤ ᠪᠠᠷ 5 ~ 10 ᠮᠢᠨᠦ᠋ᠲ ᠳᠡᠪᠲᠦᠭᠡᠵᠦ᠂ ᠳᠠᠬᠢᠨ ᠴᠡᠪᠡᠷ  ᠤᠰᠤ ᠪᠠᠷ 30 ᠰᠧᠺᠦ᠋ᠨ᠋ᠳ᠋ ᠤᠬᠢᠶᠠᠨ᠎ᠠ᠃         ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1 % ᠶᠢᠨ ᠳᠠᠪᠤᠰᠤ ᠲᠠᠢ ᠤᠰᠤ ᠪᠠᠷ ᠳᠡᠪᠲᠦᠭᠡᠵᠦ 20 ᠮᠢᠨᠦ᠋ᠲ ᠤᠨ ᠳᠠᠷᠠᠭ᠎ᠠ ᠤᠬᠢᠶᠠᠨ᠎ᠠ᠃  ᠳᠠᠪᠤᠰᠤᠨ ᠤ ᠥᠳᠬᠡᠴᠡ ᠶᠢ ᠬᠡᠲᠦᠷᠬᠡᠢ ᠶᠡᠭᠡ ᠪᠠᠶᠢᠯᠭᠠᠵᠤ ᠪᠣᠯᠬᠤ ᠦᠭᠡᠢ᠃        ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2 ᠮᠢᠨᠦ᠋ᠲ ᠳᠡᠪᠲᠦᠭᠡᠨ᠎ᠡ᠃ ᠭᠡᠪᠡᠴᠦ ᠡᠶᠢᠮᠦ ᠠᠷᠭ᠎ᠠ ᠨᠢ ᠢᠳᠡᠰᠢᠨ  ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃         ᠳᠡᠭᠡᠷᠡᠬᠢ ᠠᠷᠭ᠎ᠠ ᠠᠴᠠ ᠭᠠᠳᠠᠨ᠎ᠠ᠂ ᠪᠠᠰᠠ ᠤᠷᠤᠰᠬᠠᠯ ᠤᠰᠤ ᠪᠠᠷ ᠱᠦᠷᠭᠦᠭᠡᠵᠦ ᠤᠬᠢᠶᠠᠬᠤ᠂ ᠬᠠᠯᠢᠰᠤ ᠶᠢ ᠨᠢ ᠠᠷᠢᠯᠭᠠᠬᠤ᠂ 24 ᠴᠠᠭ ᠲᠠᠯᠪᠢᠬᠤ ᠵᠡᠷᠭᠡ  ᠠᠷᠭ᠎ᠠ ᠶᠢ ᠠᠪᠴᠤ ᠪᠣᠯᠣᠨ᠎ᠠ᠂ ᠡᠨᠡ ᠨᠢ ᠨᠣᠭᠤᠭᠠᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ  ᠶᠤᠮ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号