ᠡᠶᠢᠮᠦ ᠵᠢᠮᠢᠰ ᠢ ᠬᠢᠴᠢᠶᠡ
ᠨᠡᠶᠢᠲᠡᠯᠡᠭᠰᠡᠨ ᠴᠠᠭ᠄
2023/12/11
     ᠱᠠᠪᠲᠠᠯ᠎ᠠ ᠨᠢ ᠡᠯ᠎ᠡ ᠵᠦᠢᠯ ᠤᠨ ᠤᠮᠳᠠᠭᠠᠨ᠂ ᠪᠣᠭᠤᠷᠰᠤᠭ ᠵᠡᠷᠭᠡ ᠢᠳᠡᠭᠡᠨ ᠳᠤ ᠶᠡᠬᠡᠪᠡᠷ ᠬᠡᠷᠡᠭᠯᠡᠭᠳᠡᠵᠦ᠁ ᠱᠠᠪᠲᠠᠯ᠎ᠠ ᠶᠢᠨ ᠲᠥᠷᠥᠯ ᠵᠦᠢᠯ ᠪᠠ ᠢᠳᠡᠬᠦ  ᠠᠷᠭ᠎ᠠ ᠨᠢ ᠴᠦ ᠮᠠᠰᠢ ᠪᠠᠶᠠᠯᠢᠭ ᠪᠠᠶᠢᠳᠠᠭ᠂ ᠱᠠᠪᠲᠠᠯ᠎ᠠ ᠢᠳᠡᠬᠦ ᠳᠤ ᠵᠣᠬᠢᠬᠤ ᠬᠡᠮᠵᠢᠶ᠎ᠡ ᠶᠢ ᠠᠩᠬᠠᠷᠬᠤ ᠬᠡᠷᠡᠭᠲᠡᠢ᠂ ᠵᠠᠷᠢᠮ ᠬᠥᠮᠥᠨ ᠬᠤᠶᠠᠷ ᠭᠤᠷᠪᠠᠨ ᠡᠳᠦᠷ ᠤᠨ  ᠳᠣᠲᠣᠷ᠎ᠠ 20 ᠭᠠᠷᠤᠢ ᠱᠠᠪᠲᠠᠯ᠎ᠠ ᠢᠳᠡᠭᠰᠡᠨ ᠠᠴᠠ ᠪᠣᠯᠵᠤ ᠭᠡᠳᠡᠰᠦᠨ ᠤ ᠲᠦᠭᠵᠢᠷᠡᠯ ᠪᠣᠯᠳᠠᠭ᠃ ᠡᠮᠴᠢ ᠶᠢᠨ ᠲᠠᠨᠢᠯᠴᠠᠭᠤᠯᠤᠭᠰᠠᠨ ᠢᠶᠠᠷ᠂ ᠱᠠᠪᠲᠠᠯ᠎ᠠ ᠳᠤ  ᠬᠠᠷᠢᠴᠠᠩᠭᠤᠢ ᠪᠠᠷ ᠨᠡᠯᠢᠶᠡᠳ ᠠᠷᠪᠢᠨ ᠲᠠᠨᠨᠢᠨ ᠬᠦᠴᠢᠯ ᠪᠠ ᠵᠢᠮᠢᠰ ᠤᠨ ᠴᠠᠪᠠᠤ ᠠᠭᠤᠯᠵᠤ᠂ ᠵᠣᠬᠢᠬᠤ ᠨᠥᠬᠦᠴᠡᠯ ᠳᠣᠣᠷ᠎ᠠ ᠢᠯᠭᠠᠷᠠᠭᠤᠯᠤᠨ ᠭᠠᠷᠭᠠᠵᠤ᠂  ᠬᠤᠳᠣᠭᠤᠳᠤᠨ ᠳᠣᠲᠣᠷᠠᠬᠢ ᠤᠭᠤᠷᠠᠭ ᠵᠡᠷᠭᠡ ᠲᠠᠢ ᠬᠠᠮᠲᠤ ᠲᠤᠨᠤᠳᠠᠰᠤ ᠡᠭᠦᠰᠳᠡᠭ᠂ ᠲᠤᠬᠠᠶᠢᠯᠠᠪᠠᠯ ︽ᠬᠤᠳᠣᠭᠤᠳᠤᠨ ᠤ ᠴᠢᠯᠠᠭᠤᠵᠢᠯ︾ ᠎ ᠨᠢ ᠬᠥᠮᠥᠨ ᠢ ᠬᠡᠪᠡᠯᠢ  ᠡᠪᠡᠳᠬᠦ᠂ ᠭᠡᠳᠡᠰᠦ ᠬᠥᠭᠡᠭᠡᠬᠦ᠂ ᠳᠤᠷ᠎ᠠ ᠪᠣᠯᠭᠢᠵᠤ ᠪᠥᠭᠡᠯᠵᠢᠬᠦ ᠵᠡᠷᠭᠡ ᠰᠢᠩᠭᠡᠭᠡᠯᠲᠡ ᠶᠢᠨ ᠵᠠᠮ ᠤᠨ ᠡᠪᠡᠳᠴᠢᠨ ᠤ ᠢᠯᠡᠷᠡᠯ ᠲᠠᠢ ᠪᠣᠯᠭᠠᠵᠤ᠂ ᠴᠢᠨᠠᠭᠰᠢᠯᠠᠪᠠᠯ ᠭᠡᠳᠡᠰᠦᠨ ᠤ  ᠲᠦᠭᠵᠢᠷᠡᠯ ᠪᠤᠶᠤ ᠰᠢᠩᠭᠡᠭᠡᠯᠲᠡ ᠶᠢᠨ ᠵᠠᠮ ᠠᠴᠠ ᠴᠢᠰᠤ ᠭᠠᠷᠬᠤ ᠡᠪᠡᠳᠴᠢᠨ ᠪᠣᠯᠵᠤ᠂ ᠬᠦᠨᠳᠦ ᠨᠣᠴᠢᠲᠠᠢ ᠨᠢ ᠮᠡᠰᠡ ᠵᠠᠰᠠᠯ ᠢᠶᠠᠷ ᠳᠡᠮᠵᠢᠨ ᠡᠮᠨᠡᠨ ᠵᠠᠰᠠᠬᠤ ᠬᠡᠷᠡᠭᠲᠡᠢ  ᠪᠠᠶᠢᠳᠠᠭ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号