ᠲᠤᠷᠰᠢᠯᠭ᠎ᠠ ᠬᠤᠷᠠᠮᠳᠤᠭᠤᠯᠬᠤ᠄ ᠬᠥᠮᠥᠨ ᠤ ᠠᠮᠢᠳᠤᠷᠠᠯ ᠭᠡᠭᠴᠢ ᠠᠯᠳᠠᠭ᠎ᠠ ᠣᠨᠤᠭ᠎ᠠ ᠨᠤᠭᠤᠷᠠᠯ ᠪᠦᠳᠦᠷᠢᠯ ᠢᠶᠠᠷ | ᠳᠦᠭᠦᠷᠡᠩ ᠪᠠᠶᠢᠳᠠᠭ᠂ ᠲᠡᠶᠢᠮᠤ ᠪᠣᠯᠬᠤᠷ ᠴᠥᠭᠡᠨ ᠪᠦᠳᠦᠷᠢᠬᠦ ᠬᠠᠮᠤᠭ ᠤᠨ ᠰᠠᠶᠢᠨ ᠠᠷᠭ᠎ᠠ ᠪᠣᠯ ᠳᠠᠷᠤᠢ ᠲᠠᠰᠤᠷᠠᠯᠲᠠ | ᠦᠭᠡᠢ ᠲᠤᠷᠰᠢᠯᠭ᠎ᠠ ᠬᠤᠷᠠᠮᠳᠤᠭᠤᠯᠵᠤ᠂ ᠮᠡᠳᠡᠯᠭᠡ ᠪᠠᠨ ᠨᠡᠮᠡᠭᠳᠡᠭᠦᠯᠬᠦ ᠶᠠᠪᠤᠳᠠᠯ ᠪᠣᠯᠣᠨ᠎ᠠ᠃ | ᠳᠣᠰᠣᠯ ᠤᠰᠤ ᠬᠤᠷᠠᠮᠳᠤᠵᠤ ᠳᠠᠯᠠᠢ ᠪᠤᠯᠳᠠᠭ ᠤᠨ ᠠᠳᠠᠯᠢ᠂ ᠠᠮᠵᠢᠯᠲᠠ ᠳᠤ ᠬᠦᠷᠦᠶ᠎ᠡ ᠭᠡᠪᠡᠯ ᠠᠩᠬᠠᠨ ᠤ | ᠠᠯᠬᠤᠮ ᠠᠴᠠ ᠡᠬᠢᠯᠡᠨ ᠬᠤᠷᠠᠮᠳᠤᠭᠤᠯᠬᠤ ᠯᠡ ᠴᠢᠬᠤᠯᠠ᠃ ᠲᠠᠰᠤᠷᠠᠯᠲᠠ ᠦᠭᠡᠢ ᠲᠤᠷᠰᠢᠵᠤ᠂ ᠥᠷᠢᠰᠦᠯᠳᠦᠭᠡᠨ ᠳᠤ | ᠥᠪᠡᠷ ᠢ ᠪᠠᠨ ᠰᠣᠷᠢᠪᠠᠯ᠂ ᠠᠮᠢᠳᠤᠷᠠᠯ ᠴᠢᠨᠢ ᠶᠠᠪᠤᠭᠠᠨ ᠳᠠᠭᠠᠨ ᠰᠠᠶᠢᠵᠢᠷᠠᠬᠤ ᠪᠣᠯᠣᠨ᠎ᠠ᠃ ᠲᠤᠷᠰᠢᠯᠭ᠎ᠠ ᠴᠢᠬᠤᠯᠠ ᠰᠢᠦ︕ | ᠠᠭᠲᠠ ᠶᠢᠨ ᠪᠤᠢ ᠳᠤ ᠭᠠᠵᠠᠷ ᠲᠠᠨᠢᠵᠤ᠂ ᠠᠪᠤ ᠶᠢᠨ ᠪᠤᠢ ᠳᠤ ᠬᠥᠮᠥᠨ ᠲᠠᠨᠢ ᠬᠡᠳᠡᠭ ᠶᠤᠮ ᠳ᠋ᠡ᠃ | ᠨᠣᠮ ᠤᠩᠰᠢᠬᠤ᠄ ᠨᠣᠮ ᠤᠩᠰᠢᠬᠤ ᠳᠠᠳᠬᠠᠯ ᠲᠠᠢ ᠪᠣᠯᠬᠤ ᠨᠢ ᠥᠪᠡᠷ ᠢ ᠪᠠᠨ ᠪᠠᠶᠢᠩᠭᠤ ᠮᠡᠳᠡᠯᠭᠡᠵᠢᠭᠦᠯᠵᠦ | ᠪᠠᠶᠢᠭ᠎ᠠ ᠶᠠᠪᠤᠳᠠᠯ ᠪᠣᠯᠣᠨ᠎ᠠ᠃ ᠢᠯᠠᠩᠭᠤᠶ᠎ᠠ ᠨᠡᠶᠢᠭᠡᠮ ᠳᠡᠭᠡᠷ᠎ᠡ ᠭᠠᠷᠴᠤ ᠠᠵᠢᠯᠯᠠᠭᠰᠠᠨ ᠤ ᠳᠠᠷᠠᠭ᠎ᠠ᠂ ᠨᠣᠮ ᠤᠩᠰᠢᠬᠤ | ᠨᠢ ᠰᠢᠯᠭᠠᠯᠲᠠ ᠶᠢ ᠠᠷᠭᠠᠴᠠᠭᠠᠬᠤ ᠪᠢᠰᠢ᠂ ᠬᠠᠷᠢᠨ ᠮᠡᠳᠡᠯᠭᠡ ᠪᠠᠨ ᠳᠡᠯᠡᠵᠦ᠂ ᠴᠢᠳᠠᠪᠤᠷᠢ ᠪᠠᠨ ᠳᠡᠭᠡᠭᠰᠢᠯᠡᠬᠦᠯᠬᠦ ᠶᠢᠨ | ᠲᠥᠯᠥᠭᠡ ᠪᠠᠶᠢᠳᠠᠭ᠃ ᠮᠢᠩᠭᠠᠨ ᠮᠠᠯ ᠲᠠᠢ ᠶᠠᠪᠤᠬᠤ ᠠᠴᠠ ᠮᠢᠩᠭᠠᠨ ᠨᠣᠮ ᠤᠩᠰᠢᠵᠤ ᠶᠠᠪᠤ ᠬᠡᠳᠡᠭ᠃ | ᠵᠣᠷᠢᠭ ᠢᠶᠠᠨ ᠳᠠᠶᠢᠴᠢᠯᠠᠬᠤ᠄ ᠤᠷᠲᠤ ᠬᠤᠭᠤᠴᠠᠭ᠎ᠠ ᠪᠠᠷ ᠠᠩᠬᠠᠷᠤᠯ ᠢᠶᠠᠨ ᠲᠥᠪᠯᠡᠷᠡᠭᠦᠯᠵᠦ ᠴᠢᠳᠠᠳᠠᠭ | ᠦᠭᠡᠢ ᠨᠢ ᠤᠳᠤ ᠶᠢᠨ ᠬᠥᠮᠥᠰ ᠲᠤ ᠲᠤᠯᠭᠠᠷᠠᠵᠤ ᠪᠠᠶᠢᠭ᠎ᠠ ᠨᠡᠶᠢᠳᠡᠮ ᠤᠨ ᠠᠰᠠᠭᠤᠳᠠᠯ ᠤᠨ ᠨᠢᠭᠡ ᠪᠣᠯᠵᠠᠢ᠃ ᠬᠢᠬᠦ | ᠵᠦᠢᠯ ᠮᠠᠰᠢ ᠣᠯᠠᠨ ᠪᠠᠶᠢᠭ᠎ᠠ ᠪᠣᠯᠪᠠᠴᠤ ᠬᠠᠶᠢᠩᠭᠤ ᠬᠠᠨᠳᠤᠭᠰᠠᠨ ᠠᠴᠠ ᠪᠣᠯᠵᠤ ᠦᠷ᠎ᠡ ᠪᠦᠲᠦᠮᠵᠢ ᠣᠯᠳᠠᠭ ᠦᠭᠡᠢ᠃ | ᠡᠶᠢᠮᠦ ᠪᠣᠯᠬᠤᠷ ᠬᠢᠶ᠎ᠡ ᠭᠡᠵᠦ ᠪᠤᠳᠣᠬᠰᠠᠨ ᠵᠦᠢᠯ ᠳᠡᠭᠡᠷ᠎ᠡ ᠪᠠᠨ ᠪᠦᠬᠦ ᠰᠡᠳᠬᠢᠯ ᠵᠢᠷᠦᠬᠡ ᠪᠠᠨ ᠳᠠᠶᠢᠴᠢᠯᠠᠬᠤ ᠬᠡᠷᠡᠭᠲᠡᠢ᠃ | ᠵᠣᠷᠢᠭ ᠪᠠᠶᠢᠪᠠᠯ ᠵᠣᠷᠢᠭᠰᠠᠨ ᠳᠠᠭᠠᠨ ᠬᠦᠷᠦᠨ᠎ᠡ ᠬᠡᠳᠡᠭ ᠪᠢᠰᠢᠦ᠃ ᠠᠮᠢᠳᠤᠷᠠᠯ ᠢ ᠮᠡᠳᠡᠷᠡᠬᠦ᠄ ᠬᠥᠮᠥᠨ | ᠬᠡᠴᠢᠨᠡᠨ ᠠᠭᠤᠷᠯᠠᠵᠤ ᠪᠤᠬᠢᠨᠢᠳᠤᠭᠰᠠᠨ ᠴᠤ᠂ ᠨᠢᠭᠡᠨᠲᠡ ᠡᠭᠦᠰᠦᠭᠰᠡᠨ ᠤᠴᠢᠷ ᠢ ᠬᠤᠪᠢᠷᠠᠭᠤᠯᠵᠤ ᠴᠢᠳᠠᠬᠤ ᠦᠭᠡᠢ | ᠤᠴᠢᠷ ᠠᠴᠠ᠂ ᠰᠡᠳᠬᠢᠯ ᠢᠶᠠᠨ ᠵᠠᠰᠠᠵᠤ ᠪᠤᠬᠢᠨᠢᠳᠤᠯ ᠠᠴᠠ ᠪᠠᠨ ᠭᠠᠷᠬᠤ ᠬᠡᠷᠡᠭᠲᠡᠢ᠃ ᠤᠷᠮ᠎ᠠ ᠮᠠᠭᠤᠲᠠᠢ ᠪᠠᠶᠢᠭ᠎ᠠ | ᠦᠶ᠎ᠡ ᠳᠡᠭᠡᠨ ᠳᠤᠷᠠᠲᠠᠢ ᠶᠠᠭᠤᠮ᠎ᠠ ᠪᠠᠨ ᠢᠳᠡᠵᠦ᠂ ᠬᠠᠶᠠ ᠨᠢᠭᠡ ᠺᠢᠨᠣ᠋ ᠦᠵᠡᠵᠦ᠂ ᠲᠠᠮᠢᠷ ᠤᠨ ᠬᠥᠳᠡᠯᠭᠡᠭᠡᠨ ᠳᠤ | ᠣᠷᠣᠯᠴᠠᠨ᠂ ᠭᠡᠷ ᠲᠡᠷᠭᠡ ᠪᠠᠨ ᠴᠡᠪᠡᠷᠯᠡᠬᠦ ᠭᠡᠬᠦ ᠮᠡᠲᠦ ᠪᠠᠷ ᠠᠩᠬᠠᠷᠤᠯ ᠢᠶᠠᠨ ᠥᠭᠡᠷ᠎ᠡ ᠵᠦᠢᠯ ᠤᠷᠤᠭᠤ ᠰᠢᠯᠵᠢᠭᠦᠯᠵᠦ | ᠪᠠᠶᠢᠭᠠᠳ ᠰᠡᠳᠬᠢᠯ ᠤᠨ ᠪᠤᠬᠢᠨᠢᠳᠤᠯ ᠢᠶᠠᠨ ᠲᠠᠶᠢᠯᠵᠤ ᠪᠤᠯᠳᠠᠭ᠃ ᠢᠩᠭᠢᠪᠡᠯ ᠰᠠᠶ᠋ᠢ ᠠᠮᠢᠳᠤᠷᠠᠯ ᠤᠨ ᠰᠠᠶᠢᠨ ᠰᠠᠶᠢᠬᠠᠨ ᠢ | ᠮᠡᠳᠡᠷᠡᠵᠦ ᠴᠢᠳᠠᠨ᠎ᠠ᠃ ᠠᠮᠢᠳᠤᠷᠠᠯ ᠳᠤ ᠪᠠᠶᠠᠷ ᠪᠠᠶᠠᠰᠬᠤᠯᠠᠩ ᠢᠨᠢᠶᠡᠳᠦ ᠬᠦᠷ ᠠᠴᠠ ᠥᠭᠡᠷ᠎ᠡ ᠶᠠᠭᠤ ᠬᠡᠷᠡᠭᠲᠡᠢ ᠪᠢᠯᠡ | ᠳ᠋ᠠ︕ | ᠬᠥᠳᠡᠯᠭᠡᠭᠡᠨ ᠬᠢᠬᠦ᠄ ᠵᠠᠪᠠᠯ ᠪᠡᠶ᠎ᠡ ᠪᠣᠯᠪᠠᠰᠤᠷᠠᠭᠤᠯᠬᠤ ᠭᠠᠵᠠᠷ ᠲᠤ ᠣᠴᠢ ᠭᠡᠰᠡᠨ ᠪᠢᠰᠢ᠂ ᠵᠠᠪ ᠯᠠ ᠭᠠᠷᠪᠠᠯ | ᠬᠡᠵᠢᠶ᠎ᠡ ᠬᠠᠮᠢᠭ᠎ᠠ ᠴᠤ ᠶᠠᠭᠠᠬᠢᠬᠤᠪ᠂ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠵᠤ ᠪᠠᠢ᠃ ᠲᠠᠺᠰᠢ ᠳᠤ ᠰᠠᠭᠤᠬᠤ ᠶᠢᠨ | ᠣᠷᠣᠨ ᠳᠤ ᠬᠠᠶᠠ ᠪᠠᠰᠠ ᠳᠤᠭᠤᠢ ᠣᠨᠣᠵᠦ᠂ ᠭᠡᠷ ᠲᠡᠭᠡᠨ ᠣᠷᠣᠬᠤ ᠳᠠᠭᠠᠨ ᠴᠠᠬᠢᠯᠭᠠᠨ ᠱᠠᠲᠤᠨ ᠳᠤ ᠪᠢᠰᠢ ᠬᠠᠶᠠ | ᠱᠠᠲᠤ ᠠᠪᠠᠷᠢᠵᠤ᠂ ᠬᠥᠯᠥᠰᠦ ᠪᠠᠨ ᠭᠠᠷᠭᠠᠵᠤ ᠪᠠᠶᠢᠪᠠᠯ ᠰᠠᠶᠢᠨ᠃ ᠪᠠᠷᠢᠮᠲᠠᠯᠠᠭᠠᠳ ᠪᠠᠶᠢᠪᠠᠯ ᠪᠡᠶᠡᠨ ᠳᠤ ᠴᠢᠨᠢ | ᠬᠤᠪᠢᠷᠠᠯᠲᠠ ᠭᠠᠷᠬᠤ ᠶᠤᠮ᠃ ᠬᠥᠮᠥᠨ ᠬᠥᠭᠰᠢᠷᠡᠵᠦ ᠦᠬᠦᠬᠦ ᠦᠭᠡᠢ ᠬᠥᠰᠢᠵᠦ ᠦᠬᠦᠨ᠎ᠡ ᠬᠡᠳᠡᠭ ᠪᠢᠰᠢᠦ᠃ | ᠳᠠᠳᠬᠠᠯ ᠢᠶᠠᠨ ᠪᠠᠷᠢᠮᠲᠠᠯᠠᠬᠤ᠄ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢᠶᠠᠨ ᠪᠠᠷᠢᠮᠲᠠᠯᠠᠬᠤ ᠨᠢ ᠰᠠᠶ᠋ᠢ | ᠬᠠᠮᠤᠭ ᠤᠨ ᠴᠢᠬᠤᠯᠠ ᠪᠠᠶᠢᠳᠠᠭ᠃ ᠶᠢᠷᠲᠢᠨᠴᠦ ᠳᠡᠭᠡᠷ᠎ᠡ ᠴᠢᠷᠮᠠᠶᠢᠯᠭ᠎ᠠ ᠬᠤᠭᠤᠰᠳᠠᠬᠤ ᠶᠣᠰᠣ ᠦᠭᠡᠢ᠂ ᠡᠳᠡᠭᠡᠷ ᠰᠠᠶᠢᠨ | ᠰᠠᠶᠢᠬᠠᠨ ᠳᠠᠳᠬᠠᠯ ᠨᠢ ᠲᠠᠨ ᠢ ᠰᠢᠭᠤᠳ ᠠᠮᠵᠢᠯᠲᠠ ᠳᠤ ᠬᠦᠷᠭᠡᠳᠡᠭ ᠦᠭᠡᠢ ᠴᠦ ᠭᠡᠰᠡᠨ ᠮᠥᠷᠥᠭᠡᠳᠦᠯ | ᠲᠡᠮᠡᠦᠯᠦᠯ ᠳᠡᠭᠡᠨ ᠬᠦᠷᠬᠦ ᠳᠤ ᠴᠢᠨᠢ ᠲᠤᠰᠠᠯᠠᠳᠠᠭ᠃ ᠴᠢᠷᠮᠠᠶᠢᠯᠭ᠎ᠠ ᠬᠥᠮᠥᠨ ᠢ ᠭᠤᠮᠣᠳᠠᠭᠠᠳᠠᠭ ᠦᠭᠡᠢ ᠬᠡᠳᠡᠭ ᠪᠢᠵᠡ | ᠳ᠋ᠡ︕ | | |