1. ᠠᠩᠬᠠᠷᠤᠯ ᠢᠶᠠᠨ ᠲᠥᠪᠯᠡᠷᠡᠭᠦᠯᠬᠦ᠄ ᠨᠢᠭᠡ ᠯᠠ ᠵᠦᠢᠯ ᠤᠷᠤᠭᠤ ᠴᠢᠷᠮᠠᠶᠢᠪᠠᠯ ᠰᠠᠶ᠋ᠢ ᠥᠪᠡᠷ ᠢ ᠪᠠᠨ ᠨᠠᠩ | ᠰᠢᠯᠢᠳᠡᠭ ᠪᠣᠯᠭᠠᠵᠤ ᠴᠢᠳᠠᠨ᠎ᠠ᠃ ᠪᠠᠭ᠎ᠠ ᠶᠠᠪᠤᠳᠠᠯ ᠠᠴᠠ ᠡᠬᠢᠯᠡᠨ ᠠᠩᠬᠠᠷᠤᠯ ᠲᠠᠢ ᠬᠠᠨᠳᠤᠵᠤ ᠴᠢᠳᠠᠪᠠᠯ ᠲᠡᠷᠡ | ᠶᠠᠪᠤᠳᠠᠯ ᠴᠢᠨᠢ ᠠᠶᠠᠨᠳᠠᠭᠠᠨ ᠲᠡᠭᠦᠰ ᠰᠠᠶᠢᠬᠠᠨ ᠪᠤᠯᠳᠠᠭ ᠶᠤᠮ᠃ | 2. ᠨᠣᠮ ᠤᠩᠰᠢᠬᠤ ᠶᠢ ᠪᠠᠷᠢᠮᠲᠠᠯᠠᠬᠤ᠄ ᠬᠥᠮᠥᠨ ᠨᠣᠮ ᠤᠩᠰᠢᠬᠤ ᠶᠢ ᠪᠠᠷᠢᠮᠲᠠᠯᠠᠪᠠᠯ᠂ ᠥᠪᠡᠷ ᠢ ᠪᠠᠨ | ᠬᠥᠭᠵᠢᠭᠦᠯᠵᠦ᠂ ᠦᠵᠡᠯ ᠪᠤᠳᠤᠯ ᠢᠶᠠᠨ ᠰᠢᠨᠡᠴᠢᠯᠡᠨ᠂ ᠪᠠᠶᠠᠯᠢᠭ ᠰᠠᠶᠢᠬᠠᠨ ᠣᠶᠤᠨ ᠰᠠᠨᠠᠭᠠᠨ ᠤ ᠣᠷᠣᠨ ᠵᠠᠢ ᠲᠠᠢ | ᠪᠤᠯᠳᠠᠭ᠃ | 3. ᠲᠡᠪᠴᠢᠶᠡᠷᠢ ᠲᠠᠢ ᠪᠠᠶᠢᠬᠤ᠄ ᠠᠮᠵᠢᠯᠲᠠ ᠳᠤ ᠬᠦᠷᠬᠦ ᠬᠡᠳᠡᠭ ᠠᠶᠠᠨᠳᠠᠭᠠᠨ ᠤ ᠶᠠᠪᠤᠳᠠᠯ ᠪᠤᠯᠬᠤ ᠠᠴᠠ | ᠨᠢᠭᠡ ᠯᠡ ᠳᠡᠭᠡᠷ᠎ᠡ ᠪᠡᠶᠡᠯᠡᠴᠢᠬᠡᠬᠦ ᠪᠢᠰᠢ᠂ ᠡᠶᠢᠮᠦ ᠠᠴᠠ ᠲᠡᠪᠴᠢᠶᠡᠷᠢ ᠲᠠᠢ ᠪᠠᠶᠢᠬᠤ ᠴᠢᠬᠤᠯᠠ᠃ | 4. ᠲᠤᠷᠰᠢᠯᠭ᠎ᠠ ᠬᠤᠷᠠᠮᠳᠤᠭᠤᠯᠬᠤ᠄ ᠬᠥᠮᠥᠨ ᠤ ᠠᠮᠢᠳᠤᠷᠠᠯ ᠲᠠᠰᠤᠷᠠᠯᠲᠠ ᠦᠭᠡᠢ ᠥᠭᠡᠷᠡᠴᠢᠯᠡᠭᠳᠡᠵᠦ | ᠬᠤᠪᠢᠷᠠᠵᠤ ᠪᠠᠶᠢᠳᠠᠭ᠂ ᠴᠠᠭ ᠢᠮᠠᠭᠲᠠ ᠠᠵᠢᠯᠯᠠᠵᠤ ᠰᠣᠷᠣᠯᠴᠠᠨ᠂ ᠲᠠᠰᠤᠷᠠᠯᠲᠠ ᠦᠭᠡᠢ ᠦᠢᠯᠡᠳᠦᠯᠭᠡᠵᠢᠭᠦᠯᠪᠡᠯ ᠰᠠᠶ᠋ᠢ | ᠲᠤᠷᠰᠢᠯᠭ᠎ᠠ ᠬᠤᠷᠠᠮᠳᠤᠭᠤᠯᠵᠤ᠂ ᠥᠪᠡᠷ ᠢ ᠪᠠᠨ ᠰᠢᠨᠡᠴᠢᠯᠡᠵᠦ ᠴᠢᠳᠠᠳᠠᠭ᠃ | 5. ᠥᠪᠡᠷ ᠢ ᠪᠠᠨ ᠳ᠋ᠦᠩᠨᠡᠬᠦ᠄ ᠦᠵᠡᠯ ᠪᠤᠳᠤᠯ ᠢᠶᠠᠨ ᠪᠣᠯᠪᠠᠰᠤᠷᠠᠩᠭᠤᠢ ᠪᠣᠯᠤᠭᠰᠠᠨ ᠡᠰᠡᠬᠦ ᠪᠠᠨ | ᠲᠠᠨᠢᠬᠤ ᠳᠤ ᠥᠪᠡᠷ ᠢ ᠪᠠᠨ ᠳ᠋ᠦᠩᠨᠡᠵᠦ ᠴᠢᠳᠠᠬᠤ ᠡᠰᠡᠬᠦ ᠪᠠᠷ ᠬᠡᠮᠵᠢᠶᠡᠯᠡᠨ᠎ᠡ᠃ | 6. ᠪᠤᠰᠤᠳ ᠤᠨ ᠠᠴᠢ ᠶᠢ ᠪᠤᠳᠤᠬᠤ᠄ ᠪᠤᠰᠤᠳ ᠤᠨ ᠬᠠᠪᠰᠤᠷᠤᠯᠭ᠎ᠠ ᠶᠢ ᠵᠦᠢ ᠶᠣᠰᠣᠨ ᠤ ᠭᠡᠵᠦ | ᠦᠵᠡᠵᠦ ᠪᠣᠯᠬᠤ ᠦᠭᠡᠢ᠂ ᠠᠴᠢ ᠶᠢ ᠮᠠᠷᠲᠠᠬᠤ ᠦᠭᠡᠢ ᠪᠣᠯ ᠰᠠᠶ᠋ᠢ ᠪᠤᠰᠤᠳ ᠤᠨ ᠢᠲᠡᠭᠡᠯ ᠢ ᠣᠯᠵᠤ ᠲᠠᠶᠢᠯᠤᠨ᠎ᠠ᠃ |