ᠢ ᠪᠢᠨ ᠨᠡᠶᠢᠭᠡᠮ ᠲᠣᠭᠤᠷᠢᠭ ᠡᠪᠦᠯ ᠤᠨ ᠤᠯᠠᠷᠢᠯ ᠤᠨ ᠨᠡᠭᠦᠷᠡᠰᠦᠨ ᠵᠤᠤᠬ᠎ᠠ ᠶᠢᠨ ᠳᠤᠯᠠᠭᠠᠯᠠᠭ᠎ᠠ ᠶᠢᠨ ᠬᠡᠮ ᠰᠣᠭᠤᠭ ᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/13
    ᠣᠶᠢᠷ᠎ᠠ ᠳᠤ᠂ ᠢ ᠪᠢᠨ ᠨᠡᠶᠢᠭᠡᠮ ᠲᠣᠭᠤᠷᠢᠭ ᠡᠷᠦᠬᠡ ᠳᠤ ᠬᠦᠷᠴᠦ ᠤᠬᠠᠭᠤᠯᠬᠤ ᠠᠷᠭ᠎ᠠ ᠬᠡᠯᠪᠡᠷᠢ ᠪᠠᠷ ᠪᠠᠶᠢᠰᠢᠩ ᠭᠡᠷ ᠤᠨ ᠲᠣᠭᠤᠷᠢᠭ ᠤᠨ ᠨᠡᠭᠦᠷᠡᠰᠦ ᠲᠦᠯᠡᠵᠦ ᠳᠤᠯᠠᠭᠠᠯᠠᠵᠤ ᠪᠠᠶᠢᠭ᠎ᠠ ᠰᠠᠭᠤᠭᠠᠯᠢ ᠠᠷᠠᠳ ᠲᠤ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ ᠶᠢ ᠰᠡᠷᠭᠡᠶᠢᠯᠡᠬᠦ᠂ ᠭᠠᠯ ᠤᠨ ᠭᠠᠮᠰᠢᠭ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠨᠢᠭᠤᠷᠲᠠᠨ ᠲᠠᠶᠢᠯᠪᠤᠷᠢᠯᠠᠭᠰᠠᠨ ᠪᠥᠭᠡᠳ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠠᠨᠠᠭᠤᠯᠤᠮᠵᠢ ᠲᠠᠷᠬᠠᠭᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠳᠤᠯᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠠᠷᠠᠳ ᠤᠨ ᠭᠠᠯ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠠᠰᠢᠭᠲᠠᠢ ᠪᠣᠯᠤᠭᠰᠠᠨ ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号