ᠯᠢᠦᠢ ᠬᠤᠸᠠᠨ ᠨᠡᠶᠢᠭᠡᠮ ᠲᠣᠭᠤᠷᠢᠭ ︽ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠭᠡᠷ ᠪᠦᠯᠢ ᠶᠢᠨ ᠠᠮᠤᠷ ᠲᠦᠪᠰᠢᠨ︾ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/13
     ᠣᠶᠢᠷ᠎ᠠ ᠳᠤ᠂ ᠯᠢᠦᠢ ᠬᠤᠸᠠᠨ ᠨᠡᠶᠢᠭᠡᠮ ᠲᠣᠭᠤᠷᠢᠭ  ︽ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠭᠡᠷ ᠪᠦᠯᠢ ᠶᠢᠨ ᠠᠮᠤᠷ ᠲᠦᠪᠰᠢᠨ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠦᠯᠵᠢᠶᠡᠨ ᠤ ᠠᠵᠢᠯᠲᠠᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠭᠳᠡᠯ ᠤᠨ ᠪᠢᠴᠢᠭ ᠨᠠᠭᠠᠬᠤ᠂ ᠣᠯᠠᠨ ᠲᠦᠮᠡᠨ ᠳᠤ ᠭᠡᠷ ᠪᠦᠯᠢ ᠶᠢᠨ ᠭᠠᠯ ᠤᠨ ᠭᠠᠮᠰᠢᠭ ᠤᠨ ᠬᠤᠣᠷ ᠬᠥᠨᠥᠭᠡᠯ ᠵᠢᠴᠢ ᠠᠮᠤᠷ ᠲᠦᠪᠰᠢᠨ ᠢᠶᠠᠷ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ ᠵᠡᠷᠭᠡ ᠭᠠᠯ ᠢ ᠰᠡᠷᠭᠡᠶᠢᠯᠡᠬᠦ ᠳᠤ ᠠᠩᠬᠠᠷᠬᠤ ᠵᠦᠢᠯᠡᠰ ᠵᠢᠴᠢ ᠭᠠᠯ ᠤᠨ ᠠᠶᠤᠯ ᠡᠭᠦᠰᠬᠦ ᠶᠢ ᠬᠡᠷᠬᠢᠨ ᠪᠦᠲᠦᠮᠵᠢᠲᠡᠶ ᠰᠡᠷᠭᠡᠶᠢᠯᠡᠬᠦ᠂ ᠭᠠᠯ ᠤᠨ ᠠᠶᠤᠯ ᠡᠭᠦᠰᠬᠦ ᠦᠶ᠎ᠡ ᠳᠤ ᠬᠡᠷᠬᠢᠨ ᠲᠦᠭᠰᠢᠭᠦᠷᠢ ᠮᠡᠳᠡᠭᠦᠯᠬᠦ᠂ ᠬᠡᠷᠬᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠮᠡᠳᠡᠯᠭᠡ ᠶᠢ ᠲᠠᠶᠢᠯᠪᠤᠷᠢᠯᠠᠵᠤ ᠦᠭᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号