ᠮᠢᠩ ᠱᠧᠩ ᠨᠡᠶᠢᠭᠡᠮ ᠲᠣᠭᠤᠷᠢᠭ ᠤᠨ ᠬᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ︽ᠭᠠᠯ︾  ᠠᠴᠠ ᠰᠡᠷᠭᠡᠶᠢᠯᠡᠬᠦ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/13
    12 ᠰᠠᠷ᠎ᠠ ᠶᠢᠨ 12 ᠤᠨ ᠡᠳᠦᠷ᠂ ᠮᠢᠩ ᠱᠧᠩ ᠨᠡᠶᠢᠭᠡᠮ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠢᠶᠠᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠪᠠ ᠨᠢᠰᠬᠦ ᠤᠲᠠᠰᠤ ᠪᠠᠷ ᠴᠠᠬᠢᠯᠭᠠᠨ ᠴᠡᠨᠡᠭᠯᠡᠬᠦ ᠳᠤ ᠴᠢᠭᠯᠡᠭᠦᠯᠦᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠴᠠᠬᠢᠯᠭᠠᠨ ᠴᠡᠨᠡᠭᠯᠡᠬᠦ ᠳᠤ ᠠᠩᠬᠠᠷᠬᠤ ᠵᠦᠢᠯᠡᠰ ᠢ ᠴᠠᠭ ᠲᠤᠬᠠᠢ ᠳᠤᠨᠢ ᠮᠡᠳᠡᠭᠳᠡᠵᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠭᠠᠮᠰᠢᠭ ᠤᠨ ᠳᠠᠯᠳᠠ ᠬᠡᠮ ᠵᠡᠷᠭᠡ ᠶᠢ ᠨᠠᠭᠠᠵᠠᠢ᠃ ᠡᠭᠦᠨ ᠤ ᠵᠡᠷᠭᠡ ᠳᠤ᠂ ᠸᠢᠴᠠᠲ ᠤᠨ ᠰᠦᠯᠵᠢᠶᠡᠨ ᠤ ᠪᠦᠯᠦᠭ᠂ ᠨᠠᠶᠢᠵᠠ ᠶᠢᠨ ᠲᠣᠭᠤᠷᠢᠭ ᠵᠡᠷᠭᠡ ᠰᠦᠯᠵᠢᠶᠡᠨ ᠳᠡᠭᠡᠷᠡᠬᠢ ᠠᠴᠢᠶᠠᠯᠠᠭᠴᠢ ᠪᠠᠷ ᠳᠠᠮᠵᠢᠭᠤᠯᠤᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠭᠠᠮᠰᠢᠭ ᠤᠨ ᠬᠡᠷᠡᠭ ᠤᠨ ᠬᠠᠷᠠᠭᠠᠨ ᠳᠠᠪᠲᠠᠮᠵᠢ ᠶᠢ ᠳᠠᠮᠵᠢᠭᠤᠯᠤᠨ ᠲᠠᠷᠬᠠᠭᠠᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠨ᠎ᠡ᠃ ᠨᠡᠶᠢᠲᠡ 8 ᠳᠠᠯᠳᠠ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠪᠥᠭᠡᠳ ᠰᠠᠭᠤᠭᠠᠯᠢ ᠠᠷᠠᠳ ᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠮᠡᠳᠡᠭᠳᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号