ᠪᠢᠨ ᠾᠧ ᠨᠡᠶᠢᠭᠡᠮ ᠲᠣᠭᠤᠷᠢᠭ᠄ ᠨᠠᠮ ᠤᠨ ᠪᠠᠶᠢᠭᠤᠯᠤᠯᠲᠠ ᠪᠠᠷ ᠬᠤᠪᠢᠰᠬᠠᠯ ᠤᠨ ᠠᠳᠠᠯ ᠠᠬᠤᠢ ᠶᠢ ᠬᠥᠲᠥᠯᠥᠨ ᠳᠠᠭᠠᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/12/13
    ᠨᠢᠭᠡᠨ ᠵᠣᠯ ᠵᠢᠷᠭᠠᠯᠲᠤ ᠬᠤᠳᠠ ᠳᠤ ᠠᠷᠠᠳ ᠤᠨ ᠠᠮᠢᠳᠤᠷᠠᠯ ᠤᠨ ᠢᠯᠡ ᠲᠣᠳᠣ ᠰᠠᠭᠤᠷᠢ ᠥᠩᠭᠡ ᠪᠠᠶᠢᠬᠤ ᠨᠢ ᠯᠠᠪᠲᠠᠢ᠃ 2023 ᠣᠨ ᠳᠤ᠂ ᠬᠤᠥᠯᠢᠨ ᠭᠤᠣᠯ ᠬᠤᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠠᠩᠬᠠᠷᠴᠤ ᠪᠠᠶᠢᠭ᠎ᠠ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ ᠵᠡᠷᠭᠡ ︽ᠠᠷᠠᠳ ᠤᠨ ᠠᠮᠢᠳᠤᠷᠠᠯ ᠤᠨ ᠲᠠᠩᠰᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠥᠬᠦᠮ ᠦᠵᠡᠭᠦᠯᠬᠦ ᠬᠠᠷᠠᠯᠲᠠ ᠶᠢᠨ ᠲᠣᠭᠤᠷᠢᠨ ᠳᠤ ᠪᠣᠳᠠᠲᠠᠢ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ ᠡᠨᠡ ᠡᠳᠦᠷ ᠠᠴᠠ ᠡᠬᠢᠯᠡᠨ᠂ ᠬᠤᠣᠯᠢᠨ ᠭᠤᠣᠯ ᠬᠤᠳᠠ ᠶᠢᠨ ᠬᠠᠮ ᠵᠠᠭᠤᠴᠢᠯᠠᠭᠤᠷ ᠤᠨ ᠲᠥᠪ︽ᠠᠷᠠᠳ ᠤᠨ ᠠᠮᠢᠳᠤᠷᠠᠯ ᠤᠨ ᠵᠢᠷᠤᠭ ᠰᠢᠨ᠎ᠡ ᠦᠵᠡᠮᠵᠢ ᠶᠢ ᠵᠢᠷᠤᠭᠯᠠᠶ᠎ᠠ︾ᠭᠡᠬᠦ ᠲᠤᠰᠬᠠᠢ ᠪᠤᠯᠤᠩ ᠭᠠᠷᠭᠠᠵᠤ᠂ ᠲᠠᠨ ᠳᠤ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠵᠢᠷᠤᠭ ᠤᠳ ᠢ ᠳᠡᠯᠭᠡᠨ ᠦᠵᠡᠭᠦᠯᠬᠦ ᠪᠣᠯᠣᠨ᠎ᠠ᠃  ︽ᠥᠩᠭᠡᠷᠡᠭᠰᠡᠨ ᠳᠤ ᠣᠷᠴᠢᠨ ᠠᠬᠤᠢ   ᠶᠢᠨ ᠡᠷᠡᠭᠦᠯ ᠬᠠᠮᠠᠭᠠᠯᠠᠯ ᠪᠤᠵᠠᠷ ᠪᠥᠭᠡᠳ ᠡᠮᠬᠢ ᠵᠠᠮᠪᠠᠷᠠᠭ᠎ᠠ ᠦᠭᠡᠢ ᠪᠠᠶᠢᠪᠠ᠂ ᠣᠳᠣ ᠵᠢᠵᠢᠭ ᠲᠣᠭᠤᠷᠢᠭ ᠤᠨ ᠠᠷᠢᠭᠤᠨ ᠴᠡᠪᠡᠷ ᠮᠠᠰᠢ ᠴᠡᠪᠡᠷ ᠪᠣᠯᠵᠠᠢ᠂ ᠵᠢᠵᠢᠭ ᠲᠣᠭᠤᠷᠢᠭ ᠤᠨ ᠬᠢᠨᠠᠨ ᠡᠵᠡᠮᠳᠡᠬᠦ ᠪᠠ ᠡᠯᠧᠺᠲᠷᠣᠨ ᠪᠠᠭᠠᠨ᠎ᠠ   ᠶᠢ ᠴᠤ ᠤᠭᠰᠠᠷᠠᠵᠤ᠂ ᠰᠠᠭᠤᠷᠢ ᠲᠥᠬᠦᠭᠡᠷᠦᠮᠵᠢ   ᠶᠢᠨ ᠬᠠᠮᠠᠭᠠᠯᠠᠯᠲᠠ ᠴᠤ ᠵᠦᠭᠡᠷ ᠪᠣᠯᠵᠠᠢ᠂ ᠠᠳᠠᠯ ᠠᠬᠤᠢ   ᠶᠢᠨ ᠭᠠᠵᠠᠷ ᠤᠨ ᠬᠢᠨ ᠴᠥᠮ ᠡᠮᠬᠢ ᠵᠠᠮᠪᠠᠷᠠᠭ᠎ᠠ ᠲᠠᠢ ᠬᠠᠮᠢᠶᠠᠷᠴᠤ ᠪᠠᠶᠢᠨ᠎ᠠ ᡽︾ ᠭᠡᠵᠦ ᠵᠢᠩ ᠬᠤ᠋ ᠬᠦᠷᠢᠶᠡᠯᠡᠩ ᠤᠨ ᠰᠠᠭᠤᠭᠠᠯᠢ ᠠᠷᠠᠳ ᠯᠢ ᠹᠧᠩ ᠬᠡᠯᠡᠪᠡ᠃

   ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠣᠷᠣ ᠬᠤᠵᠢᠷ

ᠵᠡᠭᠡᠯᠢ ᠭᠤᠳᠤᠮᠵᠢ ᠶᠢᠨ ᠪᠢᠨ ᠾᠧ ᠨᠡᠶᠢᠭᠡᠮ ᠲᠣᠭᠤᠷᠢᠭ ᠤᠨ ᠬᠢᠨ ᠤᠯᠠᠨ ᠲᠦᠮᠡᠨ ᠤ ᠬᠠᠮᠤᠭ ᠠᠴᠠ ᠠᠩᠬᠠᠷᠴᠤ

ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠳᠠᠯ ᠠᠬᠤᠢ ᠶᠢᠨ ᠦᠢᠯᠡᠴᠢᠯᠡᠭᠡᠨ ᠤ ᠠᠰᠠᠭᠤᠳᠠᠯ ᠢ

ᠰᠢᠢᠳᠪᠦᠷᠢᠯᠡᠬᠦ ᠪᠠᠷ ᠭᠤᠣᠯᠳᠠᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠦᠴᠢᠷᠳᠡᠯ᠂ ᠡᠪᠡᠷᠰᠢᠶᠡᠯ ᠪᠠ

ᠲᠦᠭᠵᠢᠷᠡᠯ ᠢ ᠬᠦᠴᠦᠯᠡᠨ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠰᠠᠶᠢᠨ ᠰᠠᠶᠢᠬᠠᠨ

ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠡᠢ᠃

ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ ᠣᠯᠠᠨ ᠡᠰᠢᠲᠦ ᠬᠠᠮᠲᠤ ᠪᠠᠷ ᠵᠠᠰᠠᠬᠤ ︽ᠬᠠᠮᠢᠶᠠᠷᠤᠯᠲᠠ ᠶᠢᠨ

ᠬᠦᠷᠢᠶ᠎ᠡ︾ ᠶᠢ ᠪᠠᠶᠢᠭᠤᠯᠤᠨ᠎ᠠ

   ᠲᠣᠰ ᠨᠡᠶᠢᠭᠡᠮ ᠲᠣᠭᠤᠷᠢᠭ ᠨᠢ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ︽

ᠬᠤᠪᠢᠰᠬᠠᠯ ᠤᠨ ᠠᠳᠠᠯ ᠠᠬᠤᠢ︾ ᠶᠢᠨ ᠠᠵᠢᠯ ᠤᠨ ᠲᠤᠰᠬᠠᠢ ᠠᠩᠭᠢ ᠪᠠᠶᠢᠭᠤᠯᠵᠤ᠂ ᠬᠠᠯᠠᠭᠤᠨ ᠰᠡᠳᠬᠢᠯ ᠲᠠᠢ

ᠨᠠᠮ ᠤᠨ ᠭᠡᠰᠢᠭᠦᠨ᠂ ᠣᠯᠠᠨ ᠲᠦᠮᠡᠨ ᠢ ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ

ᠪᠠᠶᠢᠭᠤᠯᠤᠯᠲᠠ᠂ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ ᠤ ᠵᠥᠪᠯᠡᠯ ᠪᠠ ᠠᠳᠠᠯ ᠠᠬᠤᠢ ᠶᠢᠨ

ᠦᠢᠯᠡᠴᠢᠯᠡᠭᠡᠨ ᠤ ᠠᠵᠤ ᠠᠬᠤᠶᠢᠯᠠᠯ ᠤᠨ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠵᠠᠰᠠᠯᠲᠠ ᠶᠢᠨ ᠵᠠᠭᠪᠤᠷ ᠢ

ᠠᠯᠬᠤᠮ ᠠᠯᠬᠤᠮ ᠢᠶᠠᠷ ᠪᠠᠶᠢᠭᠤᠯᠤᠭᠰᠠᠨ ᠪᠠᠶᠢᠨ᠎ᠠ᠃ ᠬᠠᠷᠢᠶᠠᠲᠤ ᠣᠷᠣᠨ ᠤ ᠡᠬᠢ ᠪᠠᠶᠠᠯᠢᠭ ᠪᠠ ᠬᠠᠤᠯᠢ

ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠵᠦ᠂ ᠠᠳᠠᠯ ᠠᠬᠤᠢ ᠶᠢᠨ ᠬᠠᠮᠲᠤᠷᠠᠭᠰᠠᠨ ᠬᠤᠷᠠᠯ᠂ ᠬᠤᠪᠢᠰᠬᠠᠯ ᠤᠨ

ᠬᠤᠯᠪᠣᠭᠠᠲᠤ ᠬᠤᠷᠠᠯ ᠢ ᠬᠤᠷᠠᠯᠳᠤᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠢ ᠢᠳᠡᠪᠬᠢᠲᠡᠢ ᠪᠠᠷ ᠬᠥᠲᠥᠯᠥᠨ

ᠵᠢᠯᠤᠭᠤᠳᠴᠤ ᠪᠠᠶᠢᠭᠠᠳ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠠᠭᠤᠭᠠᠯᠢ ᠠᠷᠠᠳ ᠢ ︽

ᠬᠠᠵᠠᠭᠤ   ᠠᠴᠠ ᠬᠠᠷᠠᠭᠴᠢ︾   ᠠᠴᠠ ︽ᠣᠷᠣᠯᠴᠠᠭᠴᠢ︾ ᠪᠣᠯᠭᠠᠨ ᠬᠤᠪᠢᠷᠠᠭᠤᠯᠵᠤ᠂ ᠠᠳᠠᠯ ᠠᠬᠤᠢ ᠶᠢᠨ

ᠬᠠᠮᠢᠶᠠᠷᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠵᠠᠰᠠᠯᠲᠠ ᠳᠤ ᠠᠭᠤᠰᠬᠠᠨ ᠣᠷᠣᠭᠤᠯᠵᠤ᠂ ᠣᠯᠠᠨ

ᠡᠰᠢᠲᠦ ᠬᠠᠮᠲᠤ ᠪᠠᠷ ᠵᠠᠰᠠᠬᠤ ︽ᠬᠠᠮᠢᠶᠠᠷᠤᠯᠲᠠ ᠶᠢᠨ ᠬᠦᠷᠢᠶ᠎ᠡ︾ ᠶᠢ ᠪᠣᠶ ᠪᠣᠯᠭᠠᠨ᠎ᠠ᠃ ᠣᠳᠣᠬᠠᠨ ᠪᠣᠯᠲᠠᠯ᠎ᠠ᠂ ᠠᠳᠠᠯ

ᠠᠬᠤᠢ ᠶᠢᠨ ᠬᠠᠮᠲᠤᠷᠠᠭᠰᠠᠨ ᠬᠤᠷᠠᠯ ᠢ 3 ᠤᠳᠠᠭ᠎ᠠ᠂ ᠬᠤᠪᠢᠰᠬᠠᠯ ᠤᠨ ᠬᠤᠯᠪᠣᠭᠠᠨ ᠤ ᠬᠤᠷᠠᠯ ᠢ 4 ᠤᠳᠠᠭ᠎ᠠ

ᠬᠤᠷᠠᠯᠳᠤᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢ ᠵᠣᠬᠢᠶᠠᠨ ᠪᠠᠶᠢᠭᠤᠯᠤᠨ ᠲᠤᠰᠬᠠᠢ ᠠᠵᠢᠯᠯᠠᠭ᠎ᠠ ᠶᠢ 2 ᠤᠳᠠᠭ᠎ᠠ

ᠥᠷᠨᠢᠭᠦᠯᠵᠦ᠂ ᠤᠯᠠᠨ ᠲᠦᠮᠡᠨ ᠢ ᠳᠠᠶᠢᠴᠢᠯᠠᠨ ᠪᠠᠭ᠎ᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ

ᠴᠡᠭᠴᠡᠯᠡᠨ ᠵᠠᠰᠠᠬᠤ ᠳᠤ 8 ᠤᠳᠠᠭ᠎ᠠ ᠣᠷᠣᠯᠴᠠᠭᠤᠯᠵᠤ᠂ ᠤᠯᠠᠨ ᠡᠰᠢᠴᠢᠯᠡᠨ ᠬᠠᠮᠲᠤᠪᠠᠷ ᠵᠠᠰᠠᠬᠤ︽ᠬᠠᠮᠢᠶᠠᠷᠤᠯᠲᠠ ᠶᠢᠨ

ᠬᠦᠷᠢᠶ᠎ᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃

  ᠬᠡᠷᠡᠭᠴᠡᠭᠡ ᠱᠠᠭᠠᠷᠳᠠᠯᠭ᠎ᠠ   ᠠᠴᠠ ᠪᠣᠯᠵᠤ ᠠᠷᠭ᠎ᠠ ᠪᠣᠳᠣᠯᠭ᠎ᠠ ᠬᠡᠷᠡᠭᠵᠢᠭᠦᠯᠵᠦ ᠣᠯᠠᠨ ᠲᠦᠮᠡᠨ ᠳᠤ

ᠦᠢᠯᠡᠴᠢᠯᠡᠬᠦ ᠳᠤ ᠬᠦᠴᠦᠨ ᠨᠡᠮᠡᠷᠢᠯᠡᠨ᠎ᠡ  ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号