ᠬᠤᠤᠯᠢᠩᠭᠤᠤᠯ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠠᠮᠲᠤ ᠶᠢᠨ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠵᠦ᠂ ᠵᠧᠩ ᠭᠤᠸᠠᠩ ᠳ᠋ᠦᠩ ᠵᠡᠷᠭᠡ 4 ᠨᠥᠬᠦᠳ ᠲᠤ ᠬᠤᠪᠢ ᠬᠥᠮᠥᠨ ᠤ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠵᠦ ᠥᠭᠬᠦ ᠪᠠᠷ ᠪᠠᠶᠢᠭ᠎ᠠ ᠪᠠᠶᠢᠳᠠᠯ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2023/12/13
    2018 ᠣᠨ ᠳᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠳᠦᠷᠢᠮ ᠢ ᠥᠭᠡᠷᠡᠴᠢᠯᠡᠭᠰᠡᠨ ᠠᠴᠠ ᠨᠠᠰᠢ᠂ ᠬᠤᠤᠯᠢᠩᠭᠤᠤᠯ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠰᠤᠷᠭᠠᠯ ᠤᠨ ᠵᠣᠷᠢᠭ ᠰᠠᠨᠠᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠢ ᠰᠠᠨᠠᠭᠠᠴᠢᠯᠠᠭ᠎ᠠ ᠠᠴᠠ ᠪᠠᠨ ᠮᠠᠨ ᠤ ᠬᠤᠲᠠ ᠶᠢᠨ ᠨᠡᠶᠢᠭᠡᠮ ᠤᠨ ᠲᠣᠭᠲᠠᠭᠤᠨ ᠪᠠ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠬᠠᠨ ᠣᠷᠣᠭᠤᠯᠵᠤ᠂ ᠪᠦᠬᠦ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠥᠰ ᠢ ᠪᠦᠯᠬᠦᠮᠳᠡᠭᠦᠯᠦᠨ ᠳᠠᠶᠢᠴᠢᠯᠠᠵᠤ ︽ᠪᠦᠬᠦ ᠭᠠᠮᠰᠢᠭ ᠤᠨ ᠲᠥᠷᠥᠯ᠂ ᠪᠠᠴᠢᠮ ᠪᠠᠶᠢᠳᠠᠯ ᠢ ᠠᠷᠭᠠᠴᠠᠬᠤ︾ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠰᠡᠷᠭᠡᠶᠢᠯᠡᠨ ᠠᠷᠢᠯᠭᠠᠵᠤ᠂ ᠭᠡᠨᠡᠳᠲᠡ ᠶᠢᠨ ᠭᠠᠢ ᠭᠠᠮᠰᠢᠭ ᠤᠨ ᠠᠳᠡᠯ ᠢ ᠪᠦᠲᠦᠮᠵᠢᠲᠡᠶ ᠰᠢᠢᠳᠪᠦᠷᠢᠯᠡᠵᠦ᠂ ᠴᠠᠭᠳᠠᠭ᠎ᠠ ᠪᠠᠶᠢᠪᠠᠯ ᠵᠠᠪᠠᠯ ᠬᠥᠳᠡᠯᠦᠨ᠂ ᠲᠤᠬᠢᠶ᠎ᠠ ᠶᠢ ᠰᠣᠨᠣᠰᠤᠮᠠᠭᠴᠠ ᠬᠥᠳᠡᠯᠦᠨ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠷ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠪᠥᠬᠦ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠰᠠᠭᠤᠭ᠎ᠠ ᠭᠠᠵᠠᠷ ᠢᠶᠠᠨ ᠨᠤᠲᠤᠭ ᠤᠰᠤ ᠪᠠᠨ ᠪᠣᠯᠭᠠᠨ ᠦᠵᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠ ᠬᠥᠮᠥᠨ ᠤ ᠰᠡᠳᠬᠢᠯ ᠢ ᠬᠥᠳᠡᠯᠭᠡᠮ᠎ᠡ ᠦᠶᠯᠡ ᠠᠵᠢᠯᠯᠠᠭ᠎ᠠ ᠪᠠᠷ ᠢᠶᠠᠨ ᠨᠠᠮ ᠪᠠ ᠠᠷᠠᠳ ᠲᠦᠮᠡᠨ ᠤ ᠳᠡᠭᠡᠳᠦ ᠬᠡᠮᠵᠢᠶᠡᠨ ᠤ ᠨᠤᠲᠠᠯᠠᠯᠲᠠ ᠶᠢ ᠣᠯᠣᠭᠰᠠᠨ ᠪᠠᠶᠢᠨ᠎ᠠ᠃ ᠢᠯᠠᠩᠭᠤᠶ᠎ᠠ ︽2023.11.09︾ ᠯᠢᠶᠠᠨ ᠱᠧᠩ ᠺᠣᠮᠫᠠᠨᠢ ᠶᠢᠨ ᠲᠣᠰᠣ ᠬᠡᠢ ᠬᠤᠷᠢᠶᠠᠨ ᠠᠪᠬᠤ ᠰᠤᠪᠤᠷᠭ᠎ᠠ ᠶᠢᠨ ᠳᠡᠯᠪᠡᠷᠡᠯᠲᠡ ᠶᠢᠨ ᠠᠳᠡᠯ ᠢ ᠰᠢᠢᠳᠪᠦᠷᠢᠯᠡᠬᠦ ᠶᠠᠪᠤᠴᠠ ᠳᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠪᠠᠶᠢᠯᠳᠤᠬᠤ ᠠᠷᠭ᠎ᠠ ᠶᠢᠨ ᠲᠠᠯ᠎ᠠ ᠪᠠᠷ ᠡᠷᠡᠰ ᠰᠢᠭᠤᠷᠬᠠᠢ ᠪᠠᠷ ᠪᠠᠶᠢᠯᠳᠤᠬᠤ ᠠᠷᠭ᠎ᠠ ᠶᠢᠨ ᠲᠠᠯ᠎ᠠ ᠪᠠᠷ ᠨᠢᠭᠡ ᠴᠦ ᠬᠥᠮᠥᠨ ᠦᠬᠦᠵᠦ ᠰᠢᠷᠬᠠᠲᠤᠭᠰᠠᠨ ᠦᠭᠡᠢ᠂ ᠯᠤᠲᠤ ᠶᠡᠭᠡ ᠬᠡᠮᠵᠢᠶᠡᠨ ᠤ ᠡᠳ᠋ ᠬᠥᠷᠥᠩᠭᠡ ᠶᠢᠨ ᠬᠤᠬᠢᠷᠠᠯ ᠪᠠ ᠨᠡᠶᠢᠭᠡᠮ ᠤᠨ ᠨᠥᠯᠥᠭᠡ ᠡᠭᠦᠰᠬᠦ ᠠᠴᠠ ᠵᠠᠶᠢᠯᠠᠰᠬᠢᠭ᠍ᠰᠡᠨ ᠴᠢᠬᠤᠯᠠ ᠶᠡᠭᠡ ᠦᠷ᠎ᠡ ᠪᠦᠲᠦᠭᠡᠯ ᠢ ᠡᠭᠦᠳᠴᠦ᠂ ᠴᠢᠰᠤ ᠭᠠᠯ ᠤᠨ ᠤᠬᠢᠶᠠᠯ ᠪᠠ ᠦᠬᠦᠵᠦ ᠰᠡᠭᠡᠬᠦ ᠶᠢᠨ ᠰᠢᠯᠭᠠᠯᠲᠠ ᠶᠢ ᠬᠦᠯᠢᠶᠡᠵᠡᠢ᠃ ᠪᠠᠶᠢᠯᠳᠤᠭᠠᠨ ᠤ ᠳᠤᠮᠳᠠ ᠵᠢᠯᠣᠭᠤᠳᠤᠭᠴᠢ ᠪᠠᠢ ᠶᠦᠩ ᠮᠢᠩ᠂ ᠵᠧᠩ ᠭᠤᠸᠠᠩᠳᠦ᠋ᠩ᠂ ᠪᠠᠶᠢᠯᠳᠤᠭᠴᠢ ᠸᠠᠩ ᠵᠢᠶᠠᠨ᠂ ᠵᠢᠶᠠ ᡁᠢ ᠶᠦᠩ ᠵᠡᠷᠭᠡ ᠲᠦᠷᠪᠡᠨ ᠨᠥᠬᠦᠷ ᠠᠮᠢ ᠪᠡᠶ᠎ᠡ ᠪᠠᠨ ᠦᠷᠡᠭᠳᠡᠭᠦᠯᠬᠦ ᠠᠴᠠ ᠠᠶᠤᠬᠤ ᠦᠭᠡᠢ᠂ ᠠᠮᠢ ᠪᠡᠶ᠎ᠡ ᠪᠠᠨ ᠴᠦᠯᠡᠵᠦ᠂ ᠭᠠᠯ ᠤᠨ ᠲᠠᠯᠠᠪᠠᠢ ᠶᠢᠨ ᠳᠣᠲᠣᠭᠠᠳᠤ ᠳᠤ ᠭᠦᠨᠵᠡᠭᠡᠶᠢᠷᠡᠨ ᠢᠯᠡ ᠭᠠᠯ ᠢ ᠦᠳᠲᠡᠷ ᠲᠦᠷᠭᠡᠨ ᠤᠰᠠᠳᠬᠠᠵᠤ᠂ ᠡᠴᠦᠰ ᠤᠨ ᠢᠯᠠᠯᠲᠠ ᠶᠢ ᠲᠡᠮᠡᠴᠡᠨ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃    ᠨᠡᠶᠢᠲᠡᠯᠢᠭ ᠵᠢᠱᠢᠶ᠎ᠡ ᠶᠢ ᠤᠯᠠᠮ ᠨᠢᠭᠡ ᠠᠯᠬᠤᠮ ᠪᠤᠶ ᠪᠣᠯᠭᠠᠬᠤ ᠶᠢᠨ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠱᠠᠩᠨᠠᠯ ᠤᠨ ᠲᠦᠷ ᠬᠡᠷᠡᠭᠵᠢᠭᠦᠯᠬᠦ ᠲᠣᠭᠲᠠᠭᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠪᠠᠷ ᠯᠠᠪᠯᠠᠯᠲᠠ ᠪᠣᠯᠭᠠᠵᠤ᠂ ᠬᠤᠲᠠ ᠶᠢᠨ ᠵᠠᠰᠠᠭ ᠤᠨ ᠣᠷᠳᠣᠨ ᠤ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠰᠤᠳᠤᠯᠤᠯᠲᠠ ᠪᠠᠷ ᠳᠠᠮᠵᠢᠭᠠᠳ᠂ ᠬᠤᠤᠯᠢᠩᠭᠤᠤᠯ ᠬᠤᠲᠠ ᠶᠢᠨ ᠭᠠᠯ ᠤᠨᠲᠠᠷᠠᠭᠠᠨ ᠠᠪᠤᠷᠠᠨ ᠲᠤᠰᠠᠯᠠᠬᠤ ᠶᠡᠭᠡ ᠠᠩᠭᠢ ᠳᠤ ᠬᠠᠮᠲᠤ ᠶᠢᠨ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠵᠦ᠂ ᠭᠠᠯ ᠤᠨᠲᠠᠷᠠᠭᠠᠨ ᠠᠪᠤᠷᠠᠨ ᠲᠤᠰᠠᠯᠠᠬᠤ ᠶᠡᠭᠡ ᠠᠩᠭᠢ ᠶᠢᠨ ᠤᠯᠤᠰ ᠲᠦᠷᠦ ᠶᠢᠨ ᠵᠢᠭᠠᠨ ᠵᠢᠯᠣᠭᠤᠳᠤᠭᠴᠢ ᠪᠠᠢ ᠶᠦᠩ ᠮᠢᠩ᠂ ᠭᠠᠯ ᠤᠨᠲᠠᠷᠠᠭᠠᠨ ᠠᠪᠤᠷᠠᠨ ᠲᠤᠰᠠᠯᠠᠬᠤ ᠶᠡᠭᠡ ᠠᠩᠭᠢ ᠶᠢᠨ ᠲᠡᠳ᠋ ᠳᠠᠷᠤᠭ᠎ᠠ ᠵᠧᠩ ᠭᠤᠸᠠᠩ ᠲᠦᠩ᠂ ᠭᠤᠷᠪᠠᠳᠤᠭᠠᠷ ᠳᠡᠰ ᠤᠨ ᠭᠠᠯ ᠤᠨᠲᠠᠷᠠᠭᠠᠭᠴᠢ ᠸᠠᠩ ᠵᠢᠶᠠᠨ᠂ ᠭᠤᠷᠪᠠᠳᠤᠭᠠᠷ ᠳᠡᠰ ᠤᠨ ᠭᠠᠯ ᠤᠨᠲᠠᠷᠠᠭᠠᠭᠴᠢ ᠵᠢᠶᠠ ᡁᠢ ᠶᠦᠩ ᠬᠤᠪᠢ ᠬᠥᠮᠥᠨ ᠤ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠬᠦ ᠪᠠᠷ ᠪᠠᠶᠢᠨ᠎ᠠ᠃ ᠣᠲᠣ ᠵᠣᠬᠢᠶᠠᠨ ᠪᠠᠶᠢᠭᠤᠯᠤᠯᠲᠠ   ᠠᠴᠠ ᠱᠠᠩᠨᠠᠬᠤ ᠪᠠᠷ ᠪᠠᠶᠢᠭ᠎ᠠ ᠡᠲᠡᠭᠡᠳ ᠢ ᠱᠠᠩᠨᠠᠬᠤ   ᠠᠴᠠ ᠡᠮᠦᠨ᠎ᠡ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠴᠠᠭ ᠨᠢ 2023 ᠣᠨ ᠤ 12 ᠰᠠᠷ᠎ᠠ ᠶᠢᠨ 13 ᠤ ᠡᠳᠦᠷ ᠠᠴᠠ 12 ᠰᠠᠷ᠎ᠠ ᠶᠢᠨ 19 ᠤ ᠡᠳᠦᠷ ︵5 ᠠᠵᠢᠯᠯᠠᠬᠤ ᠡᠳᠦᠷ︶ ᠪᠣᠯᠣᠨ᠎ᠠ᠃ ᠬᠤᠪᠢ ᠬᠥᠮᠥᠨ ᠪᠤᠶᠤ ᠵᠣᠬᠢᠶᠠᠨ ᠪᠠᠶᠢᠭᠤᠯᠤᠯᠲᠠ ᠬᠡᠷᠪᠡ ᠣᠨᠳᠣᠣ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠰᠠᠨᠠᠯ ᠪᠠ ᠣᠨᠳᠣᠣ ᠰᠠᠨᠠᠯ ᠢᠶᠠᠨ ᠪᠢᠴᠢᠭ ᠤᠨ ᠬᠡᠯᠪᠡᠷᠢ ᠪᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠬᠠᠷᠢᠭᠤ ᠮᠡᠳᠡᠭᠳᠡᠭᠡᠷᠡᠢ᠂ ᠵᠠᠷᠯᠠᠨ ᠨᠡᠶᠢᠲᠡᠯᠡᠬᠦ ᠤᠲᠠᠰᠤ᠄ 0475 ︱ 7922294᠂ ᠬᠠᠶ᠋ᠢᠭ᠄  ᠭᠤᠤᠯ ᠤᠨ ᠵᠡᠭᠦᠨᠳᠡᠬᠢ ᠰᠢᠨ᠎ᠡ ᠲᠣᠭᠤᠷᠢᠭ ᠤᠨ ᠵᠠᠰᠠᠭ ᠵᠠᠬᠢᠷᠭᠠᠨ ᠤ ᠲᠥᠪ ᠤᠨ 1628 ᠲᠠᠰᠤᠭ᠂ ᠰᠢᠤᠳᠠᠨ ᠳ᠋ᠤᠭᠠᠷ᠄ 029200᠃                 ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2023 ᠣᠨ ᠤ 12 ᠰᠠᠷ᠎ᠠ ᠶᠢᠨ 13
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号